ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/9/30
    9 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠢᠭᠡᠳᠦᠭᠡᠷ ᠰᠤᠳᠤᠯᠭᠠᠨ ᠤ ᠬᠡᠯᠲᠡᠰ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᠾᠧ ᠹᠦ᠋ ︽ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠳᠠᠢ︾ ᠭᠡᠬᠦ ᠭᠤᠣᠯ ᠰᠡᠳᠦᠪ ᠢᠶᠠᠷ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃    ᠸᠠᠩ ᠯᠢ ᠰᠢᠶᠠ᠂ ᠬᠡᠯᠪᠡᠷᠢᠴᠢ ᠦᠵᠡᠯ ᠪᠣᠯ ᠨᠠᠮ ᠪᠣᠯᠤᠨ ᠠᠷᠠᠳ ᠲᠦᠮᠡᠨ ᠤ ᠶᠡᠭᠡ ᠳᠠᠶᠢᠰᠤᠨ ᠮᠥᠨ᠂ ᠡᠷᠬᠡᠪᠰᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠬᠡᠯᠪᠡᠷᠢᠴᠢ ᠦᠵᠡᠯ ᠤᠨ ᠬᠤᠣᠷ ᠬᠦᠨᠦᠭᠡᠯᠳᠦ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ ᠶᠢᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ 20 ᠲᠣᠭᠲᠠᠭᠠᠯ ᠲᠠᠢ ᠬᠠᠷᠭᠤᠭᠤᠯᠵᠤ᠂ ᠬᠡᠯᠪᠡᠷᠢᠴᠢ ᠦᠵᠡᠯ ᠤᠨ ᠠᠷᠬᠠᠭ ᠭᠡᠮ ᠢ ᠵᠣᠷᠢᠭ ᠰᠢᠭᠤᠳᠤᠨ ᠵᠠᠯᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃    ᠸᠠᠩ ᠯᠢ ᠰᠢᠶᠠ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠᠷ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠨᠢ ᠪᠣᠳᠠᠲᠠᠢ ᠪᠢᠰᠢ᠂ ᠳᠡᠭᠡᠷ᠎ᠠ ᠠᠴᠠ ᠳᠤᠷᠤᠭᠰᠢ ᠡᠭᠡᠭᠡ ᠠᠳᠠᠯᠢ ᠪᠠᠶᠢᠬᠤ᠂ ᠠᠵᠢᠯ ᠤᠨ ᠬᠠᠷᠢᠭᠤᠴᠠᠯᠭ᠎ᠠ ᠪᠠᠨ ᠲᠦᠯᠬᠢᠨ ᠵᠠᠶᠢᠯᠠᠭᠤᠯᠬᠤ᠂ ᠠᠵᠢᠯ ᠬᠢᠬᠦ ᠳᠡᠭᠡᠨ ᠦᠨᠳᠦᠰᠦᠨ ᠱᠠᠲᠤᠨ ᠳᠤ ᠭᠦᠨᠵᠡᠭᠡᠶᠢᠷᠡᠭᠦ ᠦᠭᠡᠢ᠂ ᠵᠣᠬᠢᠶᠠᠯ ᠤᠨ ᠰᠤᠷᠲᠠᠯ ᠢ ᠵᠠᠰᠠᠬᠤ ᠳᠤ ᠪᠡᠷᠬᠡ ᠪᠠᠶᠢᠬᠤ ᠵᠡᠷᠭᠡ ᠠᠰᠠᠭᠤᠳᠠᠯ ᠢ ᠲᠤᠪᠤᠶᠢᠯᠭᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠥᠪ ᠤᠨ ᠲᠥᠷᠥ ᠶᠢᠨ ᠪᠣᠳᠣᠯᠭ᠎ᠠ ᠪᠣᠯᠤᠨ ᠪᠥᠬᠦ ᠣᠷᠣᠨ ᠤ ᠪᠠᠶᠢᠳᠠᠯ ᠢ ᠭᠦᠨᠵᠡᠭᠡᠶ ᠰᠤᠳᠤᠯᠵᠤ᠂ ᠬᠠᠷᠠᠴᠠ ᠪᠠᠨ ᠦᠨᠳᠦᠰᠦᠨ ᠱᠠᠲᠤᠨ ᠳᠤ ᠬᠠᠨᠳᠤᠭᠤᠯᠵᠤ᠂ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠲᠤ ᠲᠡᠶᠢᠰᠢ ᠪᠠᠭᠤᠯᠭᠠᠵᠤ᠂ ᠰᠡᠳᠭᠢᠯ ᠲᠠᠯᠪᠢᠨ ᠦᠨᠳᠦᠰᠦᠨ ᠱᠠᠲᠤ ᠶᠢ ᠬᠠᠪᠰᠤᠷᠤᠨ ᠠᠵᠢᠯ ᠢ ᠨᠢ ᠰᠠᠶᠢᠵᠢᠷᠠᠭᠤᠯᠵᠤ᠂ ᠡᠵᠤ ᠠᠬᠤᠶᠢᠯᠠᠯ ᠢ ᠬᠠᠪᠰᠤᠷᠤᠨ ᠬᠦᠴᠢᠷ ᠢ ᠨᠢ ᠰᠶᠢᠳᠪᠦᠷᠢᠯᠡᠬᠦ ᠬᠡᠷᠡᠭᠲᠡᠶ᠃ ᠭᠠᠷ ᠤᠨ ᠦᠰᠦᠭ ᠵᠢᠷᠤᠪᠠᠯ ᠬᠠᠷᠢᠭᠤᠴᠠᠯᠭ᠎ᠠ ᠲᠠᠢ ᠪᠠᠶᠢᠬᠤ᠂ ᠭᠠᠷ ᠳᠠᠮᠵᠢᠪᠠᠯ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠬᠦᠯᠵᠦ᠂ ᠪᠠᠭᠤᠯᠭᠠᠭᠰᠠᠨ ᠪᠢᠴᠢᠭ ᠮᠠᠲ᠋ᠧᠷᠢᠶᠠᠯ ᠨᠢ ᠲᠣᠳᠣᠷᠬᠠᠢ ᠴᠢᠭᠯᠡᠯ ᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠬᠡᠷᠡᠭᠲᠡᠢ ᠭᠡᠵᠤ ᠴᠢᠬᠤᠯᠠᠴᠢᠯᠠᠪᠠ᠃    ᠸᠠᠩ ᠯᠢ ᠰᠢᠶᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠦᠭᠦᠳ ᠪᠡᠶ᠎ᠡ ᠪᠠᠷ ᠢᠶᠠᠨ ᠬᠡᠷᠡᠭᠵᠢᠭᠦᠯᠵᠦ᠂ ᠳᠡᠭᠡᠷ᠎ᠠ ᠱᠠᠳᠤ ᠨᠢ ᠳᠤᠤᠷ᠎ᠠ ᠱᠠᠳᠤ ᠪᠠᠨ ᠳᠠᠭᠠᠭᠤᠯᠵᠤ᠂ ︽ᠲᠦᠷᠦᠭᠦᠴᠢ ᠭᠠᠯᠠᠭᠤ︾᠎ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠣᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ᠂ ᠥᠭᠡᠷᠡᠴᠢᠯᠡᠯᠲᠡ ᠨᠡᠭᠡᠭᠡᠯᠲᠡ ᠳᠤ ᠠᠰᠢᠭᠲᠠᠶ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠰᠢᠭᠲᠠᠶ᠂ ᠨᠡᠶᠢᠭᠡᠮ ᠤᠨ ᠲᠣᠭᠲᠠᠭᠤᠨ ᠳᠤ ᠠᠰᠢᠭᠲᠠᠶ ᠠᠵᠢᠯ ᠢ ᠢᠯᠡᠭᠦᠬᠡᠨ ᠬᠢᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠪᠠᠭ᠎ᠠ ᠶᠠᠪᠤᠳᠠᠯ ᠵᠢᠵᠢᠭ ᠵᠦᠢᠯ ᠠᠴᠠ ᠡᠬᠢᠯᠡᠨ ᠬᠢᠵᠦ᠂ ᠬᠤᠷᠠᠯ ᠪᠦᠷᠢ᠂ ᠪᠢᠴᠢᠭ ᠮᠠᠲ᠋ᠧᠷᠢᠶᠠᠯ ᠪᠦᠷᠢ᠂ ᠠᠵᠢᠯᠯᠠᠭ᠎ᠠ ᠪᠦᠷᠢ ᠶᠢ ᠴᠥᠮ ᠴᠢᠩᠭ᠎ᠠ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ ᠤ ᠬᠢᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠳᠬᠤᠬᠤ ᠳᠡᠭᠡᠷ᠎ᠠ ᠲᠦᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号