ᠡᠨᠡ ᠵᠢᠯ ᠠᠴᠠ ᠨᠠᠭᠠᠰᠢ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ | ᠤᠷᠤᠨ ᠤ ᠬᠢᠨ ᠪᠡᠯᠡ ᠣᠷᠣᠭᠤᠯᠤᠯᠲᠠ ᠶᠢᠨ ᠣᠷᠴᠢᠨ ᠨᠦᠬᠦᠴᠠᠯ ᠢ ᠦᠷᠭᠦᠯᠵᠢᠯᠡᠨ ᠰᠢᠯᠢᠳᠡᠭᠵᠢᠬᠦᠯᠵᠦ᠂ ᠦᠢᠯᠡᠳᠬᠦ | ᠦᠢᠯᠡᠰ ᠪᠣᠯᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠢ ᠪᠤᠯᠵᠠᠢ᠃ | ᠪᠦᠷᠢᠳᠬᠡᠯ ᠢ ᠦᠨᠳᠦᠰᠦᠯᠠᠪᠠᠯ᠂ 1 — 7 ᠰᠠᠷ᠎ᠠ ᠳᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 33.8% ᠪᠠᠷ ᠨᠡᠮᠡᠭᠳᠡᠵᠦ᠂ ᠪᠦᠬᠦ ᠠᠶᠢᠮᠠᠭ ᠤᠨ ᠪᠡᠯᠡ ᠣᠷᠣᠭᠤᠯᠤᠯᠲᠠ ᠶᠢᠨ | 41.8% ᠶᠢ ᠡᠵᠡᠯᠡᠨ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠲᠤᠰ ᠲᠤᠰ ᠪᠦᠬᠦ ᠠᠶᠢᠮᠠᠭ ᠤᠨ | ᠨᠢᠭᠡᠳᠦᠭᠡᠷ᠂ ᠬᠤᠶᠠᠳᠤᠭᠠᠷ ᠲᠤ ᠣᠷᠣᠭᠰᠠᠨ ᠪᠠᠶᠢᠨ᠎ᠠ᠃ | ᠠᠵᠤ ᠦᠢᠯᠡᠰ ᠤᠨ ᠲᠥᠷᠥᠯ ᠢᠶᠠᠷ ᠠᠩᠬᠢᠯᠠᠪᠠᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 288.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 2.3% ᠶᠢ | ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37. | 1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 94.3% ᠶᠢ ᠡᠵᠡᠯᠡᠪᠡ︔ ᠭᠤᠷᠪᠠᠳᠤᠭᠠᠷ ᠠᠵᠤ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36% ᠪᠠᠷ ᠪᠠᠭᠤᠷᠠᠵᠤ᠂ ᠪᠥᠬᠦ ᠪᠠᠯᠠ | ᠣᠷᠣᠭᠤᠯᠤᠯᠲᠠ ᠶᠢᠨ 3.4% ᠶᠢ ᠡᠵᠡᠯᠡᠪᠡ᠃ ᠪᠠᠯᠠ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ | ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8. | 7% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ 22.5% ᠶᠢ ᠡᠵᠡᠯᠡᠪᠡ︔ ᠲᠣᠨᠤᠭ ᠲᠥᠬᠦᠭᠡᠷᠦᠮᠵᠢ | ᠪᠠᠭᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.7% ᠪᠠᠷ | ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 72.6% ᠶᠢ ᠡᠵᠡᠯᠡᠪᠡ︔ ᠪᠤᠰᠤᠳ ᠵᠠᠷᠤᠳᠠᠯ ᠨᠢ ᠠᠳᠠᠯᠢ | ᠬᠤᠭᠤᠴᠠᠭᠠᠨ ᠤ ᠬᠢ ᠠᠴᠠ 121.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 4.9% ᠶᠢ | ᠡᠵᠡᠯᠡᠪᠡ᠃ | 1 — 7 ᠰᠠᠷ᠎ᠠ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ | ᠤᠷᠤᠨ ᠤ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 37.1% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 94.3% ᠶᠢ ᠡᠵᠡᠯᠡᠪᠡ᠃ ᠡᠭᠦᠨ ᠠᠴᠠ ᠭᠠᠳᠠᠨ᠎ᠠ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠳᠤ 36 ᠲᠦᠷᠦᠯ ᠵᠦᠢᠯ ᠪᠠᠭᠳᠠᠵᠦ᠂ ᠲᠥᠷᠥᠯ ᠵᠦᠢᠯ ᠤᠨ | ᠶᠡᠷᠦᠩᠬᠡᠶ ᠲᠣᠭᠠᠨ ᠤ 61% ᠶᠢ ᠡᠵᠡᠯᠡᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠦᠢᠯᠡᠰ ᠤᠨ ᠪᠠᠯᠠ | ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 40.7% ᠪᠠᠷ ᠨᠡᠮᠡᠭᠳᠡᠵᠦ᠂ ᠪᠥᠬᠦ ᠪᠠᠯᠠ | ᠣᠷᠣᠭᠤᠯᠤᠯᠲᠠ ᠶᠢᠨ ᠲᠣᠭᠠᠨ ᠤ 97.8% ᠶᠢ ᠡᠵᠡᠯᠡᠨ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ | 4.9 ᠵᠠᠭᠤᠨ ᠤ ᠬᠠᠷᠢᠴᠠᠯ ᠴᠡᠭ ᠳᠡᠭᠡᠭᠰᠢᠯᠡᠭᠰᠡᠨ ᠪᠠᠶᠢᠨ᠎ᠠ᠃ |