ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ ᠤ 1 — 7 ᠰᠠᠷ᠎ᠠ ᠳᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 33.8% ᠪᠠᠷ ᠨᠡᠮᠡᠭᠳᠡᠵᠠᠢ
ᠨᠡᠶᠢᠲᠡᠯᠡᠭᠰᠡᠨ ᠴᠠᠭ᠄
2024/9/4
    ᠡᠨᠡ ᠵᠢᠯ ᠠᠴᠠ ᠨᠠᠭᠠᠰᠢ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ ᠤ ᠬᠢᠨ ᠪᠡᠯᠡ ᠣᠷᠣᠭᠤᠯᠤᠯᠲᠠ ᠶᠢᠨ ᠣᠷᠴᠢᠨ ᠨᠦᠬᠦᠴᠠᠯ ᠢ ᠦᠷᠭᠦᠯᠵᠢᠯᠡᠨ ᠰᠢᠯᠢᠳᠡᠭᠵᠢᠬᠦᠯᠵᠦ᠂ ᠦᠢᠯᠡᠳᠬᠦ ᠦᠢᠯᠡᠰ ᠪᠣᠯᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠢ ᠪᠤᠯᠵᠠᠢ᠃ ᠪᠦᠷᠢᠳᠬᠡᠯ ᠢ ᠦᠨᠳᠦᠰᠦᠯᠠᠪᠠᠯ᠂ 1 — 7 ᠰᠠᠷ᠎ᠠ ᠳᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.8% ᠪᠠᠷ ᠨᠡᠮᠡᠭᠳᠡᠵᠦ᠂ ᠪᠦᠬᠦ ᠠᠶᠢᠮᠠᠭ ᠤᠨ ᠪᠡᠯᠡ ᠣᠷᠣᠭᠤᠯᠤᠯᠲᠠ ᠶᠢᠨ 41.8% ᠶᠢ ᠡᠵᠡᠯᠡᠨ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠲᠤᠰ ᠲᠤᠰ ᠪᠦᠬᠦ ᠠᠶᠢᠮᠠᠭ ᠤᠨ ᠨᠢᠭᠡᠳᠦᠭᠡᠷ᠂ ᠬᠤᠶᠠᠳᠤᠭᠠᠷ ᠲᠤ ᠣᠷᠣᠭᠰᠠᠨ ᠪᠠᠶᠢᠨ᠎ᠠ᠃    ᠠᠵᠤ ᠦᠢᠯᠡᠰ ᠤᠨ ᠲᠥᠷᠥᠯ ᠢᠶᠠᠷ ᠠᠩᠬᠢᠯᠠᠪᠠᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 288.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 2.3% ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 94.3% ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ 3.4% ᠶᠢ ᠡᠵᠡᠯᠡᠪᠡ᠃ ᠪᠠᠯᠠ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.7% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ 22.5% ᠶᠢ ᠡᠵᠡᠯᠡᠪᠡ︔ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 72.6% ᠶᠢ ᠡᠵᠡᠯᠡᠪᠡ︔ ᠪᠤᠰᠤᠳ ᠵᠠᠷᠤᠳᠠᠯ ᠨᠢ ᠠᠳᠠᠯᠢ ᠬᠤᠭᠤᠴᠠᠭᠠᠨ ᠤ ᠬᠢ ᠠᠴᠠ 121.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 4.9% ᠶᠢ ᠡᠵᠡᠯᠡᠪᠡ᠃    1 — 7 ᠰᠠᠷ᠎ᠠ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ ᠤ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.1% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 94.3% ᠶᠢ ᠡᠵᠡᠯᠡᠪᠡ᠃ ᠡᠭᠦᠨ ᠠᠴᠠ ᠭᠠᠳᠠᠨ᠎ᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠳᠤ 36 ᠲᠦᠷᠦᠯ ᠵᠦᠢᠯ ᠪᠠᠭᠳᠠᠵᠦ᠂ ᠲᠥᠷᠥᠯ ᠵᠦᠢᠯ ᠤᠨ ᠶᠡᠷᠦᠩᠬᠡᠶ ᠲᠣᠭᠠᠨ ᠤ 61% ᠶᠢ ᠡᠵᠡᠯᠡᠪᠠ︔ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠦᠢᠯᠡᠰ ᠤᠨ ᠪᠠᠯᠠ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 40.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠲᠣᠭᠠᠨ ᠤ 97.8% ᠶᠢ ᠡᠵᠡᠯᠡᠨ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠬᠠᠷᠢᠴᠠᠯ ᠴᠡᠭ ᠳᠡᠭᠡᠭᠰᠢᠯᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号