ᠪᠠᠶ ᠬᠠᠶ ᠯᠢᠨ ᠤᠯᠤᠰ ᠤᠨ ᠡᠨᠧᠷᠭᠢ ᠶᠢᠨ ᠦᠬᠠᠶ ᠶᠢᠨ ᠡᠨᠧᠷᠭᠢ ᠶᠢᠨ ᠺᠣᠮᠫᠠᠨᠢ ᠶᠢᠨ ᠾᠧ ᠬᠠᠶ ᠲᠤᠤ᠂ ᠤᠯᠤᠰ ᠤᠨ ᠡᠨᠧᠷᠭᠢ ᠶᠢᠨ ᠨᠡᠭᠦᠷᠡᠰᠦ ᠬᠡᠤᠷᠰᠢᠭᠦᠯᠬᠦ ᠺᠣᠮᠫᠠᠨᠢ ᠶᠢᠨ ᠹᠠᠨ ᠵᠠᠨ ᠸᠧᠨ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2024/9/4
    9 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠾᠧ ᠬᠠᠶ ᠲᠤᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᠵᠠᠨ ᠸᠧᠨ ᠨᠠᠷ ᠲᠠᠢ ᠶᠠᠷᠢᠯᠴᠠᠪᠠ᠃
1.jpg
2.jpg
     ᠪᠠᠢ ᠬᠠᠢ ᠯᠢᠨ ᠾᠧ ᠬᠠᠢ ᠲᠤᠤ᠂ ᠹᠠᠨ ᠵᠠᠨ ᠸᠧᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠶᠠᠷ ᠠᠵᠤ ᠠᠬᠤᠶᠢᠯᠠᠯ ᠤᠨ ᠠᠯᠠᠱᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠠᠭ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ᠂ ᠨᠡᠭᠦᠷᠡᠰᠦ ᠬᠠᠳᠠᠭᠠᠯᠠᠵᠤ ᠲᠤᠬᠢᠷᠠᠭᠤᠯᠬᠤ ᠠᠷᠠᠯᠵᠢᠶᠠᠨ ᠤ ᠰᠠᠭᠤᠷᠢᠨ ᠪᠣᠯᠤᠨ ᠲᠡᠷᠢᠭᠦᠨ ᠤ ᠥᠨᠳᠥᠷ ᠠᠴᠢᠶᠠᠯᠠᠪᠤᠷᠢ ᠲᠠᠢ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠠᠶᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠡᠭᠡᠳᠦ ᠬᠡᠮᠵᠢᠶ᠎ᠡ ᠪᠠᠷ ᠨᠡᠶᠢᠴᠡᠵᠦ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠬᠠᠮᠳᠣ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠠᠯᠠᠱᠠ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠢ ᠳᠡᠮᠵᠢᠵᠦ᠂ ᠬᠦᠴᠦᠨ ᠵᠦᠢᠯ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠡᠯᠡᠭᠰᠡᠨ ᠳᠡᠭᠡᠨ ᠰᠠᠭᠤᠵᠦ᠂ ᠬᠡᠯᠡᠭᠰᠡᠨ ᠢᠶᠠᠨ ᠪᠡᠶᠡᠯᠡᠬᠦᠯᠵᠦ᠂ ᠠᠵᠤ ᠠᠬᠤᠶᠢᠯᠠᠯ ᠢ ᠦᠨᠡᠨ ᠬᠦ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠦᠨ᠎ᠡ ᠭᠡᠪᠡ᠃
3.jpg
4.jpg
    ᠾᠧ ᠬᠠᠶ ᠲᠤᠤ᠂ ᠹᠠᠨ ᠵᠠᠨ ᠸᠧᠨ᠂ ᠠᠯᠠᠱᠠ ᠶᠢᠨ ᠰᠠᠯᠬᠢ ᠭᠡᠷᠡᠯ᠂ ᠨᠡᠭᠦᠷᠡᠰᠦ᠂ ᠭᠠᠵᠠᠷ ᠰᠢᠷᠣᠶ ᠵᠡᠷᠭᠡ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠪᠠᠲᠤᠲᠠᠶ᠂ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠪᠠ ᠠᠭᠤᠰᠤᠯᠴᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠪᠡ᠃    ᠪᠤᠤ ᠶᠧ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号