ᠡᠵᠡᠨ᠎ᠡ ᠬᠤᠰᠢᠭᠤ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/9/5
    ᠣᠶᠢᠷ᠎ᠠ ᠶᠢᠨ ᠵᠢᠯ ᠤᠳ ᠲᠤ᠂ ᠡᠵᠡᠨ᠎ᠡ ᠬᠤᠰᠢᠭᠤ ᠭᠤᠪᠢ ᠬᠦᠳᠡᠭᠡ ᠶᠢᠨ ᠥᠪᠡᠷᠮᠢᠴᠡ ᠡᠬᠢ ᠪᠠᠶᠠᠯᠢᠭ ᠲᠤ ᠲᠦᠰᠢᠭᠯᠡᠨ᠂ ᠲᠡᠮᠡᠭᠡᠨ ᠤ ᠠᠵᠤ ᠦᠢᠯᠡᠰ ᠢ ᠬᠦᠭᠵᠢᠬᠦᠯᠵᠦ᠂ ᠰᠢᠨᠵᠢᠯᠡᠭᠡ ᠮᠡᠷᠭᠡᠵᠢᠯ ᠢᠶᠠᠷ ᠲᠤᠯᠭᠠᠭᠤᠷᠢᠯᠠᠯ ᠪᠤᠯᠭᠠᠨ᠂ ᠢᠩᠭᠡᠨ ᠰᠦ ᠶᠢᠨ ᠰᠢᠷᠢᠰ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠶᠢ ᠠᠬᠢᠭᠤᠯᠵᠤ᠂ ᠢᠩᠭᠡᠨ ᠰᠦ ᠶᠢᠨ ᠠᠵᠤ ᠦᠢᠯᠡᠰ ᠢ ᠰᠠᠭᠤᠷᠢᠨᠰᠢᠬᠤ᠂ ᠬᠡᠪᠴᠢᠶᠡᠵᠢᠬᠦ᠂ ᠨᠠᠷᠠᠲᠤ ᠲᠡᠮᠳᠡᠭᠵᠢᠬᠦ ᠵᠦᠭ ᠬᠦᠭᠵᠢᠬᠦᠯᠵᠦ ᠪᠠᠶᠢᠨ᠎ᠠ᠃    ᠢᠩᠭᠡᠨ ᠰᠠᠭᠠᠯᠢ ᠶᠢᠨ ᠰᠠᠭᠤᠷᠢᠨ ᠳᠤ᠂ ᠥᠪᠥᠷ ᠮᠣᠩᠭᠤᠯ ᠤᠨ ᠳᠡᠮᠡᠬᠡᠳᠦ ᠨᠤᠳᠤᠭ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠠᠯᠵᠢᠯ ᠤᠨ ᠲᠠᠯᠠᠪᠠᠢ ᠶᠢᠨ ᠳᠡᠳ᠋ ᠶᠡᠷᠦᠩᠬᠡᠢ ᠬᠢᠨᠠᠭᠴᠢ ᠰᠠᠨᠰᠠᠷ ᠰᠦᠷᠦᠭ ᠤᠨ ᠳᠤᠮᠳᠠᠭᠤᠷ ᠰᠦᠯᠵᠢᠨ᠂ ᠲᠡᠮᠡᠭᠡ ᠰᠢᠯᠢᠬᠦ ᠠᠵᠢᠯ ᠢ ᠬᠢᠵᠦ ᠶᠠᠭᠠᠷᠠᠨ᠎ᠠ᠃ ᠢᠩᠭᠡᠨ ᠰᠦ ᠶᠢᠨ ᠵᠠᠬᠢᠶᠠᠯᠠᠭ᠎ᠠ ᠨᠡᠮᠡᠭᠳᠡᠬᠦ ᠶᠢ ᠳᠠᠭᠠᠯᠳᠤᠨ᠂ ᠡᠨᠡ ᠺᠣᠮᠫᠠᠨᠢ ᠶᠢᠨ ᠰᠠᠭᠠᠯᠢ ᠶᠢᠨ ᠢᠩᠭᠡ ᠰᠤᠩᠭᠤᠬᠤ ᠱᠠᠭᠠᠷᠳᠠᠯᠭ᠎ᠠ ᠴᠦ ᠤᠯᠠᠮ ᠢᠶᠠᠷ ᠥᠨᠳᠥᠷ ᠪᠤᠯᠵᠡᠢ᠃ ᠡᠮᠦᠨᠡᠬᠢ ᠬᠤᠭᠤᠴᠠᠭᠠᠨ ᠳᠤ ᠮᠠᠯᠴᠢᠳ ᠠᠴᠠ ᠴᠤᠭᠯᠠᠭᠤᠯᠤᠭᠰᠠᠨ ᠳᠡᠮᠡᠬᠡᠳ ᠤᠨ ᠳᠤᠮᠳᠠ ᠠᠴᠠ ᠢᠩᠭᠡᠨ ᠳᠡᠮᠡᠬᠡᠨ ᠤ ᠡᠷᠡᠭᠦᠯ ᠮᠡᠨᠳᠦ ᠶᠢᠨ ᠪᠠᠶᠢᠳᠠᠯ᠂ ᠨᠠᠰᠤ ᠰᠢᠳᠦ ᠵᠡᠷᠭᠡ ᠡᠯ᠎ᠡ ᠲᠠᠯ᠎ᠠ ᠶᠢᠨ ᠭᠦᠢᠴᠡᠳᠭᠡᠯ ᠲᠤᠭ᠎ᠠ ᠶᠢ ᠰᠢᠯᠭᠠᠨ ᠲᠣᠭᠲᠠᠭᠠᠵᠤ᠂ ᠲᠡᠵᠢᠭᠡᠯ ᠪᠣᠷᠳᠤᠭ᠎ᠠ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠬᠦᠯᠦᠨ᠂ ᠴᠢᠨᠠᠷ ᠰᠠᠶᠢᠲᠠᠢ ᠰᠦ ᠶᠢᠨ ᠢᠷᠡᠯᠲᠡ ᠳᠤ ᠪᠠᠲᠤᠯᠠᠭ᠎ᠠ ᠬᠠᠩᠭᠠᠵᠦ ᠪᠠᠶᠢᠨ᠎ᠠ᠃    ᠢᠩᠭᠡᠨ ᠰᠠᠭᠠᠯᠢ ᠶᠢᠨ ᠰᠠᠭᠤᠷᠢᠨ ᠨᠢ ᠰᠠᠭᠠᠵᠤ ᠭᠠᠷᠭᠠᠭᠰᠠᠨ ᠰᠢᠨ᠎ᠡ ᠰᠣᠷᠭᠤᠭ ᠰᠦ ᠪᠠᠨ ᠬᠦᠢᠲᠡᠨ ᠢᠶᠠᠷ ᠬᠠᠳᠠᠭᠠᠯᠠᠨ᠂ ᠢᠩᠭᠡᠨ ᠰᠦ ᠪᠣᠯᠪᠠᠰᠤᠷᠠᠭᠤᠯᠬᠤ ᠲᠠᠰᠤᠭ ᠲᠤ ᠬᠦᠷᠭᠡᠵᠦ᠂ ᠪᠠᠺᠲ᠋ᠧᠷᠢ ᠠᠯᠠᠬᠤ᠂ ᠬᠥᠷᠥᠭᠡᠬᠦ᠂ ᠢᠰᠭᠡᠬᠦ ᠵᠡᠷᠭᠡ ᠠᠯᠢ ᠣᠯᠠᠨ ᠠᠵᠢᠯ ᠤᠨ ᠳᠠᠷᠠᠭᠠᠯᠠᠯ ᠢᠶᠠᠷ ᠳᠡᠮᠵᠢᠨ᠂ ᠢᠩᠭᠡᠨ ᠰᠦ ᠶᠢᠨ ᠳᠣᠲᠣᠷᠠᠬᠢ ᠣᠨᠴᠠ ᠪᠠᠶᠢᠳᠠᠭ ᠰᠢᠮ᠎ᠡ ᠲᠡᠵᠢᠭᠡᠯᠲᠦ ᠪᠣᠳᠠᠰ ᠪᠠ ᠢᠳᠡᠪᠬᠢ ᠪᠣᠳᠠᠰ ᠢ ᠬᠠᠳᠠᠭᠠᠯᠠᠬᠤ ᠶᠢᠨ ᠬᠠᠮᠲᠤ ᠠᠮᠲᠠ ᠶᠢ ᠨᠢ ᠳᠡᠭᠡᠭᠰᠢᠯᠡᠭᠦᠯᠵᠦ᠂ ᠬᠠᠮᠤᠭ ᠤᠨ ᠡᠴᠦᠰ ᠲᠤ ᠠᠮᠤᠷ ᠲᠦᠪᠰᠢᠨ ᠤ ᠠᠵᠢᠯᠲᠠᠨ ᠠᠴᠠ ᠬᠦᠴᠢᠯ ᠤᠨ ᠬᠡᠮᠵᠢᠶ᠎ᠠ᠂ ᠰᠢᠬᠢᠷᠴᠡ ᠶᠢᠨ ᠬᠡᠮᠵᠢᠶ᠎ᠠ᠂ ᠤᠭᠤᠷᠠᠭ ᠵᠡᠷᠭᠡ ᠶᠢᠨ ᠵᠢᠭᠠᠯᠲᠠ ᠲᠤᠭ᠎ᠠ ᠶᠢ ᠰᠢᠯᠭᠠᠨ ᠪᠠᠶᠢᠴᠠᠭᠠᠭᠰᠠᠨ ᠤ ᠳᠠᠷᠠᠭ᠎ᠠ ᠯᠣᠩᠬᠤᠨ ᠳᠤ ᠰᠠᠪᠠᠯᠠᠨ ᠪᠣᠭᠤᠳᠠᠯᠯᠠᠭᠠᠳ ᠵᠠᠬ᠎ᠠ ᠳᠡᠯᠭᠡᠭᠦᠷ ᠲᠤ ᠪᠣᠷᠣᠯᠠᠭᠤᠯᠳᠠᠭ᠃    ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠭᠤᠣᠯᠳᠠᠭᠤ ᠢᠩᠭᠡᠨ ᠰᠦ ᠪᠠ ᠢᠩᠭᠡᠨ ᠠᠶᠢᠷᠠᠭ ᠦᠢᠯᠡᠳᠪᠦᠷᠢᠯᠡᠬᠦ ᠪᠠᠷ ᠭᠤᠣᠯ ᠪᠤᠯᠭᠠᠨ᠂ ᠢᠩᠭᠡᠨ ᠰᠦ ᠶᠢ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠪᠤᠷᠤᠯᠠᠭᠤᠯᠬᠤ ᠬᠦᠷᠳᠡᠯ᠎ᠠ ᠨᠢᠭᠡᠨᠲᠡ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠤᠢ ᠪᠤᠯᠭᠠᠵᠠᠢ᠃ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠦᠷᠲᠦ᠄ ︽ᠮᠠᠨ ᠤ ᠦᠢᠯᠡᠳᠪᠦᠷᠢᠯᠡᠭᠰᠡᠨ ᠠᠯᠠᠱᠠ ᠶᠢᠨ ᠬᠤᠣᠰ ᠪᠥᠬᠦᠲᠦ ᠲᠡᠮᠡᠭᠡᠨ ᠤ ᠰᠢᠩᠭᠡᠨ ᠪᠡᠶᠡᠲᠦ ᠰᠦ ᠪᠣᠯ ᠰᠠᠨᠠᠭ᠎ᠠ ᠠᠮᠤᠷ ᠬᠡᠷᠡᠭᠯᠡᠵᠦ ᠪᠤᠯᠬᠤ ᠪᠠᠶᠢᠭᠠᠯᠢᠯᠢᠭ ᠢᠩᠭᠡᠨ ᠰᠦ ᠪᠣᠯᠣᠨ᠎ᠠ᠂ ᠴᠢᠨᠠᠷ ᠰᠠᠶᠢᠲᠠᠢ᠂ ᠰᠢᠮ᠎ᠡ ᠲᠡᠵᠢᠭᠡᠯ ᠥᠨᠳᠥᠷ ᠰᠠᠭᠠᠯᠢ ᠶᠢᠨ ᠪᠦᠳᠦᠭᠡᠭᠳᠡᠬᠦᠨ ᠪᠤᠯᠬᠤ ᠶᠤᠮ︾ ᠭᠡᠵᠦ ᠳᠠᠨᠢᠯᠴᠠᠭᠤᠯᠤᠯ᠎ᠡ᠃    ᠡᠵᠡᠨ᠎ᠡ ᠶᠢᠨ ᠢᠩᠭᠡᠨ ᠰᠠᠭᠠᠯᠢ ᠶᠢᠨ ᠰᠠᠭᠤᠷᠢᠨ ᠨᠢ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠪᠠ ᠬᠢᠯᠢ ᠬᠢᠵᠠᠭᠠᠷ ᠣᠷᠣᠨ ᠢ ᠬᠦᠭᠵᠢᠬᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠳᠦᠰᠢᠭᠯᠡᠵᠦ᠂ ︽ᠠᠵᠤ ᠠᠬᠤᠶᠢᠯᠠᠯ + ᠬᠤᠷᠰᠢᠶ᠎ᠠ + ᠮᠠᠯᠵᠢᠬᠤ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ᠲᠦᠷᠢᠶᠡᠰᠦᠯᠡᠬᠦ ᠪᠠ ᠬᠤᠪᠢ ᠣᠷᠣᠬᠤ ᠵᠡᠷᠭᠡ ᠬᠡᠯᠪᠡᠷᠢ ᠪᠠᠷ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ᠂ ︽ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠬᠠᠮᠲᠤ ᠶᠢᠨ ᠴᠣᠭᠴᠠ ᠶᠢ ᠪᠣᠶ ᠪᠤᠯᠭᠠᠨ᠂ ᠡᠵᠡᠨ᠎ᠡ ᠬᠤᠰᠢᠭᠤ ᠴᠢᠨᠠᠭᠰᠢᠳᠠ ᠡᠷᠬᠢᠨ ᠲᠣᠭᠤᠷᠢᠨ ᠤ ᠭᠠᠵᠠᠷ ᠣᠷᠣᠨ ᠤ ᠬᠠᠮᠤᠭ ᠤᠨ ᠬᠡᠪᠴᠢᠶᠡᠵᠢᠭᠰᠡᠨ᠂ ᠣᠳᠣᠬᠢᠴᠢᠯᠠᠭᠰᠠᠨ ᠢᠩᠭᠡᠨ ᠰᠠᠭᠠᠯᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ ᠪᠠᠶᠢᠨ᠎ᠠ᠃ ᠣᠲᠣ ᠪᠣᠯᠲᠠᠯ᠎ᠠ᠂ ᠣᠳᠣᠬᠢᠴᠢᠯᠠᠭᠰᠠᠨ ᠢᠩᠭᠡᠨ ᠰᠠᠭᠠᠯᠢ ᠶᠢᠨ ᠠᠵᠤ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠨᠡᠶᠢᠲᠡ 7800 ᠲᠡᠭᠰᠢ ᠳᠥᠷᠪᠡᠯᠵᠢᠨ ᠮᠧᠲᠷ ᠳᠠᠯᠠᠪᠠᠢ ᠪᠦᠬᠦᠢ 3 ᠲᠡᠮᠡᠭᠡᠨ ᠬᠠᠰᠢᠶ᠎ᠠ ᠶᠢ ᠪᠠᠷᠢᠵᠦ᠂ 500 — 1000 ᠰᠠᠭᠠᠯᠢ ᠶᠢᠨ ᠢᠩᠭᠡ ᠳᠡᠵᠢᠬᠡᠵᠦ ᠪᠠᠶᠢᠨ᠎ᠠ᠃    ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠡᠷᠳᠡᠨᠢᠰᠦᠬᠡ᠄ ︽ᠪᠢᠳᠠ ᠢᠩᠭᠡᠨ ᠰᠦ ᠶᠢᠨ ᠠᠵᠤ ᠦᠢᠯᠡᠰ ᠤᠨ ᠨᠡᠮᠡᠯᠲᠡ ᠥᠷᠲᠡᠭ ᠢ ᠦᠷᠭᠦᠯᠵᠢᠯᠡᠨ ᠭᠦᠨᠵᠡᠭᠡᠢ ᠠᠭᠤᠳᠠᠯᠤᠨ᠂ ᠠᠵᠤ ᠦᠢᠯᠡᠰ ᠤᠨ ᠬᠡᠯᠬᠢᠶ᠎ᠡ ᠶᠢᠨ ᠳᠠᠶᠢᠴᠢᠯᠠᠬᠤ ᠴᠢᠨᠠᠷ ᠢᠶᠠᠷ ᠴᠢᠩᠭ᠎ᠠ᠂ ᠨᠠᠷᠠᠲᠤ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢᠶᠠᠷ ᠴᠢᠩᠭ᠎ᠠ ᠢᠩᠭᠡᠨ ᠰᠠᠭᠠᠯᠢ ᠶᠢᠨ ᠰᠢᠷᠢᠰ ᠦᠢᠯᠡᠳᠬᠦᠨ ᠢ ᠡᠬᠦᠳᠴᠦ᠂ ᠢᠩᠭᠡᠨ ᠰᠠᠭᠠᠯᠢ ᠶᠢᠨ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ︾ ᠬᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号