ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠡᠳ᠋ ᠤᠨ ᠵᠠᠰᠠᠭ ᠤᠨ ᠠᠵᠢᠯᠯᠠᠭᠠᠨ ᠤ ᠪᠠᠶᠢᠳᠠᠯ ᠢ ᠰᠣᠨᠣᠰᠴᠤ᠂ ︽ᠭᠤᠷᠪᠠ ᠶᠢ ᠠᠷᠪᠢᠯᠠᠬᠤ︾ ᠶᠢ ᠪᠠᠷᠢᠮᠲᠠᠯᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠭᠤᠷᠪᠠ ᠶᠢ ᠪᠠᠲᠤᠯᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠲᠥᠰᠦᠪ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠢᠷᠡᠯᠲᠡ ᠶᠢ ᠲᠠᠰᠤᠷᠠᠯᠲᠠ ᠥᠬᠡᠶ ᠪᠤᠶᠢᠵᠢᠭᠤᠯᠵᠤ᠂ ᠭᠠᠶᠢᠯᠢ ᠶᠢᠨ ᠢᠷᠡᠯᠲᠡ ᠶᠢ ᠲᠠᠰᠤᠷᠠᠯᠲᠠ ᠥᠬᠡᠶ ᠬᠠᠳᠠᠭᠠᠯᠠᠨ᠂ ᠴᠢᠬᠤᠯᠠ ᠪᠤᠰᠤ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠪᠥᠬᠦ ᠠᠶᠢᠮᠠᠭ ᠤᠨ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ︽ᠠᠯᠠᠱᠠ ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠢᠳᠡᠪᠬᠢᠲᠡᠶ ᠠᠵᠢᠯᠯᠠᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠶ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠵᠡᠩᠨᠡᠯᠳᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠰᠣᠨᠣᠰᠴᠤ᠂ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠶᠠᠭᠳᠠᠮᠠᠯ ᠢ ᠬᠤᠷᠢᠶᠠᠨ ᠠᠪᠬᠤ ᠵᠡᠷᠭᠡ ᠡᠯ᠎ᠡ ᠶᠠᠪᠤᠴᠠ ᠶᠢᠨ ᠠᠮᠤᠷ ᠲᠦᠪᠰᠢᠨ ᠢ ᠬᠢᠨᠠᠠ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠤᠬᠠᠭᠤᠯᠭ᠎ᠠ ᠶᠢᠨ ᠰᠠᠨᠠᠭᠤᠯᠤᠮᠵᠢ᠂ ᠭᠠᠯ ᠤᠨ ᠠᠶᠣᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠨᠴᠠ ᠬᠦᠨᠳᠦ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠰᠦᠯᠵᠢᠶᠡᠨ ᠤ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠵᠡᠷᠭᠡ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号