ᠪᠠᠶ ᠬᠠᠶ ᠯᠢᠨ ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠠᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/9/5
     9 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠪᠠᠶᠢᠳᠠᠯ ᠢ ᠵᠠᠳᠠᠯᠤᠨ᠂ ᠠᠰᠠᠭᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠪᠠᠶ ᠬᠠᠶ ᠯᠢᠨ᠂ ᠡᠨᠡ ᠵᠢᠯ ᠠᠴᠠ ᠨᠠᠰᠢ ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠵᠢᠱᠢᠯᠲᠡ ᠠᠴᠠ ᠰᠠᠶᠢᠨ ᠪᠠᠶᠢᠨ᠎ᠠ᠂ ᠭᠡᠪᠡᠴᠦ ᠲᠣᠭᠲᠠᠭᠤᠨ ᠢᠶᠠᠷ ᠨᠡᠮᠡᠭᠳᠡᠭᠦᠯᠬᠦ ᠳᠠᠷᠤᠯᠲᠠ ᠮᠥᠨ ᠬᠦ ᠨᠡᠯᠢᠶᠡᠳ ᠶᠡᠭᠡ ᠪᠠᠶᠢᠨ᠎ᠠ᠃ ᠭᠤᠣᠯᠳᠠᠯᠭ᠎ᠠ ᠲᠠᠢ ᠡᠭᠦᠷᠭᠡ ᠪᠣᠯᠤᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠣᠨᠣᠪᠴᠢᠳᠠᠢ ᠪᠠᠷ ᠲᠤᠬᠢᠷᠠᠭᠤᠯᠬᠤ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠳᠤᠲᠠᠭᠤᠳᠠᠯ ᠢ ᠨᠥᠬᠦᠪᠥᠷᠢᠯᠡᠵᠦ᠂ ᠲᠦᠷᠦᠯ ᠵᠦᠢᠯ ᠢ ᠬᠦᠴᠦᠷᠬᠡᠭᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠭᠤᠷᠪᠠᠳᠤᠭᠠᠷ ᠤᠯᠠᠷᠢᠯ ᠳᠤ ᠲᠣᠭᠲᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃     ᠪᠠᠢ ᠬᠠᠢ ᠯᠢᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠬᠤᠷᠳᠤᠴᠠ ᠶᠢ ᠳᠡᠭᠡᠭᠰᠢᠯᠡᠭᠦᠯᠵᠦ᠂ ᠠᠬᠢᠴᠠ ᠶᠢ ᠲᠦᠷᠭᠡᠳᠬᠡᠵᠦ᠂ ᠨᠡᠩ ᠤᠯᠠᠨ ᠪᠡᠯᠡ ᠣᠷᠣᠭᠤᠯᠤᠯᠲᠠ ᠶᠢᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠠᠳᠬᠤᠵᠤ᠂ ᠵᠢᠷᠤᠭ ᠲᠥᠯᠥᠪᠯᠡᠭᠡ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠨᠡᠩ ᠤᠯᠠᠨ ᠲᠦᠷᠦᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽  ᠳᠦᠯᠦᠪᠯᠡᠭᠡ︾ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠣᠨᠣᠪᠴᠢᠳᠠᠢ ᠪᠠᠷ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠬᠡᠷᠡᠭ ᠦᠭᠡᠢ ᠪᠠᠷ ᠠᠷᠠᠯᠵᠢᠶᠠᠴᠢᠨ ᠤᠷᠢᠬᠤ ᠦᠭᠡᠢ᠂ ᠠᠷᠠᠯᠵᠢᠶᠠᠴᠢᠨ ᠤᠷᠢᠬᠤ ᠬᠠᠷᠠᠭ᠎ᠠ ᠪᠠᠨ ᠴᠢᠨᠠᠭᠰᠢᠳᠠ ᠥᠷᠭᠡᠳᠬᠡᠵᠦ᠂ ᠬᠠᠨᠳᠤᠯᠭᠠᠲᠤ ᠴᠢᠨᠠᠷᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠷᠠᠯᠵᠢᠶᠠᠴᠢᠨ ᠤᠷᠢᠬᠤ ᠴᠢᠨᠠᠷ  ᠴᠢᠨᠰᠠᠭ᠎ᠠ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠨᠡᠮᠡᠭᠳᠡᠬᠦᠯᠬᠦ ᠳᠠᠯᠳᠠ ᠬᠦᠴᠦᠨ ᠢ ᠭᠦᠨᠵᠡᠭᠡᠶ  ᠢᠯᠡᠷᠡᠬᠦᠯᠵᠦ᠂ ᠭᠠᠶᠢᠯᠢ ᠥᠷᠢᠲᠦᠵᠦ ᠪᠠᠶᠢᠭ᠎ᠠ ᠶᠢ ᠬᠠᠤᠯᠢ ᠲᠣᠭᠲᠠᠭᠠᠯ ᠶᠣᠰᠣᠭᠠᠷ ᠲᠣᠳᠣᠷᠬᠠᠶ ᠪᠣᠯᠭᠠᠵᠤ᠂ ᠨᠢᠭᠡ ᠶᠢ ᠴᠦ ᠤᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠬᠥᠮᠥᠷᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠨ ᠬᠡᠮᠵᠢᠯᠲᠡ᠂ ᠵᠢᠯᠤᠭᠤᠳᠤᠯᠭ᠎ᠠ ᠪᠠᠨ ᠴᠢᠩᠭᠠᠳᠬᠠᠵᠤ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠥᠷᠢ ᠥᠭᠴᠡᠭᠡ ᠶᠢ ᠠᠷᠢᠯᠭᠠᠬᠤ ᠪᠠ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠮᠥᠩᠬᠡ᠂ ᠪᠦᠦ ᠶᠧ ᠣᠷᠣᠯᠴᠠᠪᠠ᠃       
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号