9 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠢ ᠬᠠᠢ ᠯᠢᠨ ᠠᠭᠤᠷᠬᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠢᠴᠢ ᠬᠤᠯᠪᠣᠭᠳᠠᠯ ᠪᠦᠬᠦᠢ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠢ ᠰᠡᠳᠦᠪ ᠢᠶᠠᠷ ᠲᠤᠬᠢᠷᠠᠭᠤᠯᠬᠤ ᠬᠤᠷᠠᠯ ᠬᠤᠷᠠᠯᠳᠤᠭᠤᠯᠵᠤ᠂ | ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ | | | | | | | | | | | | ᠪᠠᠢ ᠬᠠᠢ ᠯᠢᠨ᠂ ᠠᠭᠤᠷᠬᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠯ ᠮᠠᠰᠢ ᠴᠢᠬᠤᠯᠠ ᠠᠵᠢᠯ | ᠪᠣᠯᠤᠨ᠎ᠠ᠃ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ ᠴᠢᠬᠤᠯᠠᠴᠢᠯᠠᠨ᠂ ᠠᠮᠢ ᠠᠬᠤᠶ ᠶᠢ ᠬᠠᠮᠠᠭᠠᠯᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠶᠢᠨ ᠲᠠᠩᠰᠠ᠂ ᠠᠮᠢ ᠠᠬᠤᠶ ᠶᠢᠨ ᠲᠠᠩᠰᠠ᠂ | ᠠᠵᠤ ᠠᠬᠤᠶ ᠶᠢᠨ ᠲᠠᠩᠰᠠ ᠶᠢ ᠰᠠᠶᠢᠲᠤᠷ ᠪᠤᠳᠤᠵᠤ᠂ ᠰᠡᠷᠭᠦᠭᠡᠨ ᠵᠠᠰᠠᠬᠤ ᠪᠠᠨ ᠲᠦᠷᠭᠡᠳᠭᠡᠨ ᠠᠳᠬᠤᠵᠤ᠂ | ᠵᠠᠰᠠᠯᠲᠠ ᠶᠢ ᠠᠳᠬᠤᠨ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ | ᠰᠠᠬᠢᠨ ᠬᠠᠮᠠᠭᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠠ᠃ | | | | | | | | | | | | | | | | ᠪᠠᠢ ᠬᠠᠢ ᠯᠢᠨ᠂ ᠬᠠᠷᠢᠭᠤᠴᠠᠯᠭ᠎ᠠ ᠳᠠᠷᠤᠯᠲᠠ ᠶᠢ ᠦᠨᠡᠨ ᠬᠦ ᠪᠣᠳᠠᠲᠠᠢ ᠳᠠᠮᠵᠢᠭᠤᠯᠵᠤ᠂ ᠠᠷᠭ᠎ᠠ ᠬᠡᠮᠵᠢᠶ᠎ᠡ ᠪᠠᠨ | ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠰᠢᠭᠤ ︵ᠤᠷᠤᠨ︶ | ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠦᠭᠡᠨ ᠵᠠᠰᠠᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ | ᠪᠠᠷᠢᠮᠵᠢᠶ᠎ᠠ᠂ ᠱᠠᠭᠠᠷᠳᠠᠯᠭ᠎ᠠ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ︽ᠲᠠᠩᠰᠠ ᠲᠤᠰᠢᠶᠠᠬᠤ︾ ᠬᠡᠷᠡᠭᠲᠡᠶ᠃ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ | ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠭᠰᠢ ᠪᠠᠨ ᠵᠣᠯᠭᠠᠭᠤᠯᠬᠤ ᠪᠠᠨ ᠴᠢᠩᠭᠠᠳᠬᠠᠨ᠂ | ᠳᠤᠤᠷᠠᠳᠤ ᠱᠠᠲᠤ ᠪᠠᠨ ᠵᠢᠯᠣᠭᠤᠳᠴᠤ᠂ ᠠᠵᠢᠯ ᠢᠶᠠᠨ ᠦᠨᠡᠨ ᠬᠦ ᠪᠣᠳᠠᠲᠠᠶ ᠬᠢᠵᠦ᠂ ᠪᠣᠶ ᠪᠥᠬᠦᠶ ᠠᠰᠠᠭᠤᠳᠠᠯ ᠢ ᠪᠥᠬᠦ | ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠠᠭᠤᠷᠬᠠᠶ ᠶᠢᠨ ᠠᠮᠢ ᠠᠬᠤᠶ ᠶᠢ | ᠬᠠᠮᠠᠭᠠᠯᠠᠨ ᠰᠡᠷᠭᠦᠭᠡᠵᠦ ᠵᠠᠰᠠᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠮᠥᠩᠬᠡ᠂ ᠪᠦᠦ ᠶᠧ ᠣᠷᠣᠯᠴᠠᠵᠠᠢ᠃ ᠡᠯ᠎ᠡ ᠬᠤᠰᠢᠭᠤ ︵ᠤᠷᠤᠨ︶ ᠳᠤ ᠬᠤᠪᠢᠶᠠᠷᠢ ᠲᠠᠯᠠᠪᠠᠢ ᠭᠠᠷᠭᠠᠪᠠ᠃ |