ᠪᠠᠢ ᠬᠠᠢ ᠯᠢᠨ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠯᠢᠦ ᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/6
    9 ᠰᠠᠷ᠎ᠠ ᠶᠢᠨ 4᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ᠂ ᠬᠤᠪᠢᠶᠠᠷᠢ ᠨᠠᠮ ᠤᠨ ᠳᠤᠭᠤᠶᠢᠯᠠᠩ ᠤᠨ ᠱᠦᠵᠢ ᠯᠢᠦ ᠸᠧᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠣᠨᠢᠨ ᠮᠡᠳᠡᠭᠡᠨ ᠤ ᠤᠬᠠᠭᠤᠯᠭ᠎ᠠ ᠶᠢ ᠴᠢᠩᠭᠠᠳᠬᠠᠬᠤ ᠵᠡᠷᠭᠡ ᠠᠵᠢᠯ ᠤᠨ ᠲᠤᠬᠠᠢ ᠶᠠᠷᠢᠯᠴᠠᠪᠡ᠃
1.jpg
     ᠪᠠᠢ ᠬᠠᠢ ᠯᠢᠨ᠂ ᠯᠢᠦ ᠸᠧᠢ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠤᠷᠳᠤ ᠬᠤᠭᠤᠴᠠᠭᠠᠨ ᠤ ᠲᠤᠷᠰᠢ ᠠᠯᠠᠱᠠ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠠᠯᠠᠱᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠤᠨ᠂ ︽ᠨᠢᠭᠡ ᠵᠢᠱᠢᠶ᠎ᠡ ᠦᠵᠡᠭᠦᠯᠬᠦ ᠠᠶᠢᠮᠠᠭ︾᠎ ᠢ ᠲᠦᠷᠭᠡᠨ ᠪᠠᠶᠢᠭᠤᠯᠵᠤ᠂ ︽ᠲᠠᠪᠤᠨ ᠶᠡᠭᠡ ᠰᠠᠭᠤᠷᠢᠨ︾ ᠎ ᠢ ᠴᠣᠭᠴᠠᠯᠠᠵᠤ᠂ ︽ᠲᠤᠯᠤᠭᠠᠨ ᠶᠡᠭᠡ ᠢᠨᠵᠧᠨᠧᠷᠢᠩ︾᠎ ᠢ ᠬᠡᠷᠡᠭᠵᠢᠭᠦᠯᠤᠨ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠬᠥᠭᠵᠢᠯᠲᠡ ᠶᠢ ᠠᠬᠢᠭᠤᠯᠵᠤ᠂ ᠤᠨᠴᠠᠯᠢᠬᠳᠤ ᠠᠵᠤ ᠦᠢᠯᠡᠰ ᠢ ᠪᠤᠶᠢᠵᠢᠭᠤᠯᠬᠤ᠂ ᠡᠯᠡᠰᠦᠷᠭᠡᠭᠵᠢᠯ ᠢ ᠵᠠᠰᠠᠬᠤ᠂ ᠴᠡᠪᠡᠷ ᠡᠨᠧᠷᠭᠢ ᠶᠢ ᠬᠥᠭᠵᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠬᠢᠨ ᠭᠤᠣᠯ ᠵᠠᠭᠤᠴᠢᠯᠠᠭᠤᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠲᠡᠯᠢᠭ ᠲᠤᠷᠰᠢᠯᠭ᠎ᠠ ᠪᠣᠯᠤᠨ ᠰᠢᠨ᠎ᠡ ᠶᠢ ᠡᠭᠦᠳᠬᠦ ᠠᠷᠭ᠎ᠠ ᠠᠪᠴᠠᠯ ᠢ ᠭᠦᠨᠵᠡᠭᠡᠢ ᠢᠯᠡᠷᠡᠬᠦᠯᠦᠨ᠂ ᠨᠡᠩ ᠤᠯᠠᠨ ᠥᠷᠭᠡᠴᠡ ᠲᠠᠢ᠂ ᠭᠦᠨᠴᠡ ᠲᠠᠢ᠂ ᠨᠥᠯᠥᠭᠡᠯᠡᠬᠦ ᠬᠦᠴᠦᠨ ᠲᠠᠢ ᠰᠣᠨᠢᠨ ᠮᠡᠳᠡᠭᠡᠯᠡᠯ ᠢ ᠦᠷᠭᠦᠯᠵᠢᠯᠡᠨ ᠨᠡᠶᠢᠲᠡᠯᠡᠵᠦ᠂ ᠠᠯᠠᠱᠠ ᠶᠢᠨ ᠦᠯᠢᠭᠡᠷ ᠢ ᠰᠠᠶᠢᠲᠤᠷ ᠶᠠᠷᠢᠵᠤ᠂ ᠠᠯᠠᠱᠠ ᠶᠢᠨ ᠳᠠᠭᠤᠨ ᠢ ᠳᠠᠮᠵᠢᠭᠤᠯᠤᠨ᠂ ᠠᠯᠠᠱᠠ ᠶᠢᠨ ᠳᠦᠷᠢ ᠲᠥᠷᠬᠦ ᠶᠢ ᠢᠯᠡᠷᠡᠭᠦᠯᠵᠦ᠂ ᠮᠠᠨ ᠤ ᠠᠶᠢᠮᠠᠭ ᠤᠨ ᠢᠳᠡᠪᠬᠢ ᠬᠦᠴᠦᠨ ᠢ ᠨᠢᠭᠲᠠᠷᠠᠭᠤᠯᠤᠨ᠂ ᠬᠥᠭᠵᠢᠯᠲᠡ ᠶᠢᠨ ᠴᠤᠭ ᠰᠦᠯᠳᠡ ᠶᠢ ᠬᠥᠪᠴᠢᠯᠡᠬᠦ ᠳᠤ ᠬᠦᠴᠤᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃
2.jpg
    ᠯᠢᠦ ᠸᠧᠢ ᠠᠯᠠᠱᠠ ᠶᠢᠨ ᠬᠢᠨ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢ ᠬᠦᠴᠦᠲᠡᠢ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ᠂ ᠠᠯᠠᠱᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠳᠠᠪᠬᠤᠴᠠᠵᠤ᠂ ᠠᠵᠤ ᠦᠢᠯᠡᠰ ᠤᠨ ᠰᠠᠭᠤᠷᠢ ᠪᠠᠲᠤ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠨ᠎ᠠ᠃ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠬᠢᠨ ᠲᠠᠪᠴᠠᠩ ᠪᠣᠯᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠤᠨ᠂ ᠠᠯᠠᠱᠠ ᠶᠢᠨ ᠡᠯ᠎ᠡ ᠲᠠᠯ᠎ᠠ ᠳᠤ ᠣᠯᠤᠭᠰᠠᠨ ᠰᠢᠨ᠎ᠡ ᠦᠷ᠎ᠡ ᠪᠦᠲᠦᠮᠵᠢ᠂ ᠰᠢᠨ᠎ᠡ ᠠᠮᠵᠢᠯᠳᠠ᠂ ᠰᠢᠨ᠎ᠡ ᠲᠤᠷᠰᠢᠯᠭ᠎ᠠ ᠶᠢ ᠨᠡᠩ ᠴᠢᠨᠠᠷᠯᠢᠭ ᠪᠦᠲᠤᠮᠵᠢᠲᠠᠢ ᠤᠬᠠᠭᠤᠯᠤᠨ ᠮᠡᠳᠡᠬᠡᠯᠡᠵᠤ᠂ ᠠᠯᠠᠱᠠ ᠶᠢᠨ ᠨᠡᠷ᠎ᠡ ᠠᠯᠳᠠᠷ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠳᠠ ᠦᠬᠡᠢ ᠥᠷᠭᠡᠳᠭᠡᠨ᠂ ᠣᠷᠣᠨ ᠨᠤᠲᠤᠭ ᠤᠨ ᠨᠡᠩ ᠰᠠᠶᠢᠨ ᠬᠥᠭᠵᠢᠯᠲᠡ ᠳᠤ ᠵᠠᠭᠤᠴᠢᠯᠠᠭᠤᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃    ᠠᠭᠤᠯᠵᠠᠯᠲᠠ ᠠᠴᠠ ᠡᠮᠦᠨ᠎ᠡ᠂ ᠯᠢᠦ ᠸᠧᠢ ᠵᠡᠷᠬᠡ ᠬᠦᠮᠤᠰ ᠠᠯᠠᠱᠠ ᠠᠶᠢᠮᠠᠭ ᠤᠨ ᠮᠦᠽᠧᠢ᠂ ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠯᠠᠱᠠ ᠶᠢᠨ ᠡᠯᠡᠰᠤ ᠮᠠᠩᠬᠠᠨ ᠤ ᠬᠠᠴᠢᠨ ᠴᠢᠯᠠᠭᠤ ᠶᠢᠨ ᠠᠵᠤ ᠦᠢᠯᠡᠰ ᠤᠨ ᠬᠦᠷᠢᠶᠡᠯᠡᠩ᠂ ᠠᠯᠠᠱᠠ ᠸᠠᠩ ᠤᠨ ᠣᠷᠳᠣᠨ ᠤ ᠮᠦᠽᠧᠢ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠪᠠ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠷᠧᠨ ᠯᠢ ᠬᠤᠸᠠ ᠪᠠᠷ᠎ᠠ ᠪᠣᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号