ᠪᠠᠶ ᠬᠠᠶ ᠯᠢᠨ ᠠᠭᠤᠷᠬᠠᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠲᠤᠰᠬᠠᠶ ᠰᠡᠳᠦᠪ ᠢᠶᠠᠷ ᠲᠤᠬᠢᠷᠠᠭᠤᠯᠵᠡᠢ
ᠨᠡᠶᠢᠲᠡᠯᠡᠭᠰᠡᠨ ᠴᠠᠭ᠄
2024/9/6
    9 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠭᠤᠷᠬᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠢᠴᠢ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠢ ᠰᠡᠳᠦᠪ ᠢᠶᠠᠷ ᠲᠤᠬᠢᠷᠠᠭᠤᠯᠬᠤ ᠬᠤᠷᠠᠯ ᠬᠤᠷᠠᠯᠳᠤᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃
1.jpg
    ᠪᠠᠢ ᠬᠠᠢ ᠯᠢᠨ᠂ ᠠᠭᠤᠷᠬᠠᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠣᠯ ᠮᠠᠰᠢ ᠴᠢᠬᠤᠯᠠ ᠠᠵᠢᠯ ᠪᠣᠯᠤᠨ᠎ᠠ᠃ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ ᠴᠢᠬᠤᠯᠠᠴᠢᠯᠠᠨ᠂ ᠠᠮᠢ ᠠᠬᠤᠶ ᠶᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠶᠢᠨ ᠲᠠᠩᠰᠠ᠂ ᠠᠮᠢ ᠠᠬᠤᠶ ᠶᠢᠨ ᠲᠠᠩᠰᠠ᠂ ᠠᠵᠤ ᠠᠬᠤᠶ ᠶᠢᠨ ᠲᠠᠩᠰᠠ ᠶᠢ ᠰᠠᠶᠢᠲᠤᠷ ᠪᠤᠳᠤᠵᠤ᠂ ᠰᠡᠷᠭᠦᠭᠡᠨ ᠵᠠᠰᠠᠬᠤ ᠪᠠᠨ ᠲᠦᠷᠭᠡᠳᠭᠡᠨ ᠠᠳᠬᠤᠵᠤ᠂ ᠵᠠᠰᠠᠯᠲᠠ ᠶᠢ ᠠᠳᠬᠤᠨ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠠ᠃
2.jpg
    ᠪᠠᠢ ᠬᠠᠢ ᠯᠢᠨ᠂ ᠬᠠᠷᠢᠭᠤᠴᠠᠯᠭ᠎ᠠ ᠳᠠᠷᠤᠯᠲᠠ ᠶᠢ ᠦᠨᠡᠨ ᠬᠦ ᠪᠣᠳᠠᠲᠠᠢ ᠳᠠᠮᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠰᠢᠭᠤ ︵ᠤᠷᠤᠨ︶ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠦᠭᠡᠨ ᠵᠠᠰᠠᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ᠂ ᠱᠠᠭᠠᠷᠳᠠᠯᠭ᠎ᠠ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ︽ᠲᠠᠩᠰᠠ ᠲᠤᠰᠢᠶᠠᠬᠤ︾ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠭᠰᠢ ᠪᠠᠨ ᠵᠣᠯᠭᠠᠭᠤᠯᠬᠤ ᠪᠠᠨ ᠴᠢᠩᠭᠠᠳᠬᠠᠨ᠂ ᠳᠤᠤᠷᠠᠳᠤ ᠱᠠᠲᠤ ᠪᠠᠨ ᠵᠢᠯᠣᠭᠤᠳᠴᠤ᠂ ᠠᠵᠢᠯ ᠢᠶᠠᠨ ᠦᠨᠡᠨ ᠬᠦ ᠪᠣᠳᠠᠲᠠᠶ ᠬᠢᠵᠦ᠂ ᠪᠣᠶ ᠪᠥᠬᠦᠶ ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠠᠭᠤᠷᠬᠠᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠵᠦ ᠵᠠᠰᠠᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠮᠥᠩᠬᠡ᠂ ᠪᠦᠦ ᠶᠧ ᠣᠷᠣᠯᠴᠠᠵᠠᠢ᠃ ᠡᠯ᠎ᠡ ᠬᠤᠰᠢᠭᠤ ︵ᠤᠷᠤᠨ︶ ᠳᠤ ᠬᠤᠪᠢᠶᠠᠷᠢ ᠲᠠᠯᠠᠪᠠᠢ ᠭᠠᠷᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号