ᠰᠦᠨ ᠱᠤᠤ ᠴᠧᠩ ᠸᠠᠩ ᠯᠢ ᠰᠢᠶᠠ 33 ᠳ᠋ᠤᠭᠠᠷ ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠥᠪᠥᠷ ᠮᠣᠩᠭᠤᠯ ᠤᠨ ᠲᠠᠮᠢᠷᠴᠢᠳ ᠪᠣᠯᠤᠨ ᠲᠠᠰᠬᠠᠯᠵᠢᠭᠤᠯᠤᠭᠴᠢ ᠪᠠᠲᠤᠯᠠᠭ᠎ᠠ ᠶᠢᠨ ᠠᠵᠢᠯᠲᠡᠳ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/6
    9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ 33 ᠳ᠋ᠤᠭᠠᠷ ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠮᠠᠨ ᠤ ᠣᠷᠣᠨ ᠤ ᠲᠠᠮᠢᠷᠴᠢᠳ ᠪᠣᠯᠤᠨ ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠡᠳ ᠤᠨ ᠲᠥᠯᠥᠭᠡᠯᠡᠭᠴᠢᠳ ᠲᠠᠢ ᠠᠭᠤᠯᠵᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠣᠯᠤᠭᠰᠠᠨ ᠰᠢᠯᠢᠳᠡᠭ ᠬᠢᠷᠢ ᠪᠦᠲᠦᠮᠵᠢ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠭᠡᠪᠡ᠃    33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ 3 ᠲᠠᠮᠢᠷᠴᠢᠨ ᠤᠯᠤᠰ ᠢᠶᠠᠨ ᠲᠥᠯᠥᠭᠡᠯᠡᠨ ᠤᠷᠤᠯᠳᠤᠭᠠᠨ ᠳᠤ ᠤᠷᠤᠯᠴᠠᠵᠤ᠂ 1 ᠠᠯᠲᠠᠨ ᠮᠧᠳᠠᠯ 1 ᠮᠥᠩᠭᠦᠨ ᠮᠧᠳᠠᠯ ᠬᠦᠷᠲᠡᠵᠦ᠂ ᠥᠪᠥᠷ ᠮᠣᠩᠭᠤᠯ ᠤᠨ ᠲᠠᠮᠢᠷᠴᠢᠳ ᠤᠨ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠰᠦᠨ ᠱᠤᠤ ᠴᠧᠩ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠯᠢ ᠴᠢᠶᠠᠨ᠂ ᠶᠠᠩ ᠯᠢᠦ᠂ ᠨᠢᠦ ᠭᠤᠸᠠᠩ ᠱᠧᠩ ᠵᠡᠷᠭᠡ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠤᠷᠤᠯᠳᠤᠭᠠᠨ ᠤ ᠲᠠᠯᠠᠪᠠᠢ ᠳᠠᠬᠢ ᠭᠠᠷᠮᠠᠭᠠᠢ ᠢᠯᠡᠷᠡᠯ ᠢ ᠬᠠᠮᠲᠤ ᠪᠠᠷ ᠡᠷᠭᠢᠴᠡᠭᠦᠯᠵᠦ᠂ ᠲᠡᠳᠡᠨ ᠤ ᠡᠳᠦᠷ ᠲᠤᠳᠤᠮ ᠤᠨ ᠪᠣᠯᠪᠠᠰᠤᠷᠠᠯ ᠪᠠ ᠤᠷᠤᠯᠳᠤᠭᠠᠨ ᠤ ᠪᠡᠯᠡᠳᠭᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ 3 ᠲᠠᠮᠢᠷᠴᠢᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠦᠪᠡᠷ ᠤᠨ ᠬᠢᠷᠢ ᠲᠦᠪᠰᠢᠨ ᠪᠡ ᠦᠡᠭᠭᠡ ᠲᠦᠷᠬᠦ ᠪᠠᠨ ᠢᠯᠡᠷᠡᠬᠦᠯᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠥᠪᠥᠷ ᠮᠣᠩᠭᠤᠯ ᠳᠤ ᠭᠡᠷᠡᠯ ᠭᠢᠯᠪᠠᠭ᠎ᠠ ᠨᠡᠮᠡᠷᠢᠯᠡᠪᠡ᠃ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠠᠲᠠᠭᠤᠵᠢᠯᠲᠠᠢ ᠪᠣᠯᠪᠠᠰᠤᠷᠠᠵᠤ᠂ ᠨᠡᠩ ᠶᠡᠭᠡ ᠰᠢᠨ᠎ᠡ ᠠᠮᠵᠢᠯᠲᠠ ᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃    ᠰᠦᠨ ᠱᠤᠤ ᠴᠧᠩ ᠠᠴᠠ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠶᠢᠨ ᠲᠠᠮᠢᠷ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠳᠣᠲᠣᠨᠣ ᠪᠠᠷ ᠬᠦᠯᠢᠶᠡᠨ ᠠᠪᠴᠤ ᠠᠭᠤᠯᠵᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠪᠡᠶ᠎ᠡ ᠶᠢᠨ ᠲᠠᠮᠢᠷ ᠤᠨ ᠦᠢᠯᠡᠰ ᠢ ᠤᠯᠠᠮ ᠨᠢᠭᠡ ᠠᠯᠬᠤᠮ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠥᠷ ᠮᠣᠩᠭᠤᠯ ︽ᠳᠤᠮᠳᠠ ᠲᠦᠪᠰᠢᠨ ᠳᠤ ᠣᠷᠣᠬᠤ︾ ᠪᠠᠷ ᠳᠤᠷᠠᠳᠤᠭᠰᠠᠨ ᠨᠢ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ︽ᠳᠤᠮᠳᠠ ᠲᠦᠪᠰᠢᠨ ᠳᠤ ᠣᠷᠣᠬᠤ︾ ᠪᠠᠷ ᠪᠠᠷᠠᠬᠤ ᠥᠬᠡᠶ ᠪᠡᠶ᠎ᠡ ᠶᠢᠨ ᠲᠠᠮᠢᠷ ᠤᠨ ᠦᠢᠯᠡᠰ ᠢ ᠪᠠᠭᠲᠠᠭᠠᠭᠰᠠᠨ ᠣᠯᠠᠨ ᠵᠦᠢᠯ ᠤᠨ ᠦᠢᠯᠡᠰ ᠴᠦ ︽ᠳᠤᠮᠳᠠ ᠲᠦᠪᠰᠢᠨ ᠳᠤ ᠣᠷᠣᠬᠤ︾ ᠬᠡᠷᠡᠭᠲᠡᠶ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠡᠶ᠎ᠡ ᠶᠢᠨ ᠲᠠᠮᠢᠷ ᠤᠨ ᠲᠣᠮᠣ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ᠰᠢᠰᠲ᠋ᠧᠮ ᠲᠠᠢ ᠲᠥᠯᠥᠪᠵᠢᠭᠦᠯᠬᠦ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠳᠠᠯᠳᠠ ᠳᠠᠪᠠᠭᠤᠯᠢᠭ ᠲᠥᠷᠥᠯ ᠵᠦᠢᠯ ᠢ ᠣᠨᠣᠪᠴᠢᠲᠠᠶ ᠡᠷᠢᠨ ᠣᠯᠵᠤ ︽ᠪᠦᠰᠡᠯᠡᠯᠲᠡ ᠰᠢᠪᠲᠤᠯᠵᠤ︾᠂ ᠲᠠᠮᠢᠷᠴᠢᠳ ᠢ ᠰᠣᠩᠭᠤᠨ ᠬᠥᠮᠦᠵᠢᠭᠦᠯᠬᠦ ᠪᠠ ᠤᠷᠤᠯᠳᠤᠭᠠᠨ ᠳᠤ ᠪᠡᠯᠡᠳᠭᠡᠬᠦ ᠤᠷᠤᠯᠳᠤᠭᠠᠨ ᠳᠤ ᠤᠷᠤᠯᠴᠠᠬᠤ ᠵᠡᠷᠭᠡ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ᠂ ᠪᠥᠬᠡ ᠪᠠᠷᠢᠯᠳᠤᠬᠤ᠂ ᠪᠤᠶᠢᠺᠤ ᠪᠥᠮᠪᠦᠭᠡ᠂ ᠰᠠᠭᠰᠤᠨ ᠪᠥᠮᠪᠦᠭᠡ ᠵᠡᠷᠭᠡ ᠬᠦᠷᠢᠶᠡᠨ ᠳᠠᠬᠢ ᠤᠷᠤᠯᠳᠤᠭᠠᠨ ᠤ ᠬᠢᠷᠢ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠣᠯᠤᠨ ᠲᠥᠬᠦᠭᠡᠷᠦᠮᠵᠢ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠲᠦᠭᠡᠮᠡᠯᠵᠢᠯᠲᠡ ᠶᠢᠨ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠬᠤᠯᠪᠣᠭᠳᠠᠯ ᠪᠥᠬᠦᠶ ᠲᠠᠯ᠎ᠠ ᠶᠢᠨ ᠬᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠭᠦᠴᠡᠯ ᠪᠠ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ᠃    ᠯᠢ ᠴᠢᠶᠠᠨ᠂ ᠶᠠᠩ ᠯᠢᠦ᠂ ᠨᠢᠦ ᠭᠤᠸᠠᠩ ᠱᠧᠩ᠂ ᠬᠠᠳᠠᠨᠪᠠᠭᠠᠲᠤᠷ᠂ ᠶᠠᠩ ᠰᠢᠶᠣᠤ ᠯᠢ᠂ ᠮᠠ ᠨᠢ ᠤᠷᠢᠳ ᠬᠤᠵᠢᠳ ᠦᠭᠡ ᠬᠡᠯᠡᠵᠦ᠂ ᠤᠷᠤᠯᠳᠤᠭᠠᠨ ᠳᠤ ᠣᠷᠣᠯᠴᠠᠭᠰᠠᠨ ᠥᠩᠭᠡᠷᠡᠯᠲᠡ ᠪᠠ ᠤᠷᠤᠯᠳᠤᠭᠠᠨ ᠤ ᠪᠡᠯᠡᠳᠭᠡᠯ ᠤᠨ ᠲᠤᠬᠠᠢ ᠲᠥᠷᠥᠭᠳᠡᠯ ᠢᠶᠠᠨ ᠬᠤᠪᠢᠶᠠᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠮᠠᠨ ᠤ ᠣᠷᠣᠨ ᠤ ᠲᠠᠮᠢᠷᠴᠢᠳ ᠢ ᠬᠥᠮᠦᠵᠢᠭᠦᠯᠦᠭᠰᠡᠨ ᠪᠠ ᠪᠥᠬᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃    ᠠᠭᠤᠯᠵᠠᠯᠲᠠ ᠳᠠᠭᠤᠰᠤᠭᠰᠠᠨ ᠤ ᠳᠠᠷᠠᠭ᠎ᠠ ᠰᠦᠨ ᠱᠤᠤ ᠴᠧᠩ᠂ ᠸᠠᠩ ᠯᠢ ᠰᠢᠶᠠ ᠨᠠᠷ ᠲᠠᠮᠢᠷᠴᠢᠳ ᠪᠣᠯᠤᠨ ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠡᠳ ᠤᠨ ᠲᠥᠯᠥᠭᠡᠯᠡᠭᠴᠢᠳ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号