ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠶ ᠴᠢᠨᠠᠷ ᠰᠠᠶᠢᠲᠠᠶ ᠬᠥᠭᠵᠢᠯᠲᠡ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/6
   9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ 8 ᠰᠠᠷ᠎ᠠ ᠶᠢᠨ 23 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠠᠷᠭ᠎ᠠ ᠪᠣᠯᠤᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠤᠨᠴᠠᠯᠢᠬᠳᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠪᠡᠭᠡᠵᠢᠩ ᠯᠦᠭᠡ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠶ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠲᠦᠷᠭᠡᠳᠭᠡᠨ ᠠᠬᠢᠭᠤᠯᠬᠤ ᠬᠡᠷᠡᠭᠲᠡᠶ᠃ ᠲᠥᠪ ᠤᠨ ᠥᠭᠡᠷᠡᠴᠢᠯᠡᠯᠲᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠲᠠᠢ ᠬᠠᠷᠢᠴᠠᠭᠤᠯᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢ ᠪᠣᠯᠭᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠤᠯᠤᠰ ᠠᠴᠠ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠤᠳᠤᠷᠢᠳᠤᠮᠵᠢ ᠶᠢ ᠳᠣᠪᠤᠶᠢᠯᠭᠠᠵᠤ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠰᠢᠰᠲ᠋ᠧᠮᠲᠦ ᠰᠡᠳᠭᠢᠬᠦᠢ ᠪᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠳᠤᠨ ᠭᠤᠣᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠡᠯ᠎ᠡ ᠠᠶᠢᠮᠠᠭ ᠬᠤᠲᠠ ᠶᠢᠨ ᠡᠨᠧᠷᠭᠢ ᠠᠷᠪᠢᠯᠠᠬᠤ ᠬᠠᠷᠠᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠣᠯᠤᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠤᠬᠠᠢ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠨ᠂ ᠪᠤᠬᠢᠷᠳᠤᠯ ᠦᠭᠡᠢ ᠦᠨᠡᠮᠯᠡᠯ ᠤᠨ ᠠᠷᠠᠯᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠠᠵᠤ ᠦᠢᠯᠡᠳᠪᠦᠷᠢ᠂ ᠪᠠᠷᠢᠯᠭ᠎ᠠ ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠴᠢᠳᠠᠪᠦᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢ ᠳᠡᠯᠭᠡᠷᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠤᠶᠢᠷ᠎ᠠ ᠤᠭᠳᠠᠷᠭᠤᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠭᠠᠳ᠂ ᠠᠭᠠᠷ ᠤᠨ ᠣᠷᠣᠨ ᠳᠠᠬᠢ ᠬᠠᠮᠵᠢᠯᠴᠠᠭᠰᠠᠨ ᠬᠠᠮᠢᠶᠠᠷᠤᠯᠲᠠ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠶ ᠲᠥᠯᠥᠪᠯᠡᠵᠦ᠂ ᠨᠠᠩ ᠣᠯᠠᠨ ᠦᠵᠡᠭᠳᠡᠯ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ ᠲᠤᠬᠠᠶ ᠰᠤᠳᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠠᠴᠠ ᠭᠠᠷᠲᠠᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠪᠠ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ︽ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠲᠦᠷᠢᠮ︾ ᠵᠡᠷᠭᠡ 4 ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号