ᠡᠨᠡ ᠵᠢᠯ᠂ ᠲᠡᠭᠷᠢ ᠡᠯᠡᠰᠦᠨ ᠤ ᠬᠥᠪᠡᠭᠡᠨ ᠳᠠᠬᠢ ᠪᠠᠶᠠᠨᠬᠤᠲᠠ ᠪᠠᠯᠭᠠᠰᠤ ᠶᠢᠨ ᠰᠢᠨᠡᠳᠤᠬᠤᠢ ᠭᠠᠴᠠᠭ᠎ᠠ ᠳᠥᠭᠦᠮ | ᠳᠥᠲᠡ ᠵᠠᠮ ᠬᠠᠷᠢᠯᠴᠠᠭ᠎ᠠ ᠪᠠ ᠣᠷᠣᠨ ᠪᠠᠶᠢᠷᠢ ᠶᠢᠨ ᠳᠠᠪᠠᠭᠤᠯᠢᠭ᠂ ᠦᠢᠯᠡᠴᠢᠯᠡᠭᠡᠨ ᠤ ᠴᠢᠳᠠᠮᠵᠢ ᠪᠠᠷ ᠢᠶᠠᠨ | ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠵᠦ ᠪᠠᠶᠢᠨ᠎ᠠ᠃ | ᠰᠢᠨᠡᠳᠤᠬᠤᠢ ᠭᠠᠴᠠᠭ᠎ᠠ ᠶᠢᠨ ᠮᠠᠯᠴᠢᠨ ᠸᠠᠩ ᠬᠤᠢ᠂ ᠮᠠᠯᠴᠢᠨ ᠠᠶᠢᠯ ᠤᠨ ᠵᠤᠭᠠᠴᠠᠯ ᠤᠨ ᠭᠠᠵᠠᠷ ᠲᠠᠭᠠᠨ | ᠵᠤᠭᠠᠴᠠᠭᠰᠠᠳ ᠤᠨ ᠢᠷᠡᠭᠦᠯᠦᠭᠰᠡᠨ ᠬᠤᠨᠣᠵᠤ ᠠᠮᠠᠷᠠᠬᠤ᠂ ᠬᠤᠭᠤᠯᠠ ᠵᠠᠬᠢᠶᠠᠯᠠᠬᠤ ᠪᠤᠶᠤ ᠡᠯᠡᠰᠦ ᠮᠠᠩᠬᠠᠨ ᠤ | ᠵᠤᠭᠠᠴᠠᠯ ᠤᠨ ᠲᠤᠬᠠᠢ ᠠᠰᠠᠭᠤᠨ ᠯᠠᠪᠯᠠᠬᠤ ᠤᠲᠠᠰᠤ ᠶᠢ ᠲᠤᠰᠴᠤ ᠶᠠᠭᠠᠷᠠᠨ᠎ᠠ᠃ ᠳᠡᠷᠡ᠄ ︽ᠡᠳᠦᠷ ᠪᠦᠷᠢ 100 | ᠭᠠᠷᠤᠢ ᠵᠤᠭᠠᠴᠠᠭᠴᠢ ᠶᠢ ᠳᠤᠰᠴᠦ ᠵᠤᠴᠢᠯᠠᠵᠦ ᠪᠤᠢ᠃ ᠤᠯᠠᠩᠬᠢ ᠨᠢ ᠭᠡᠷ ᠪᠦᠯᠢ ᠪᠠᠷ ᠢᠶᠠᠨ ᠢᠷᠡᠵᠦ᠂ ᠬᠦᠭᠰᠢᠳ | ᠨᠠᠰᠤᠳᠠᠶᠢᠴᠤᠳ᠂ ᠦᠷ᠎ᠡ ᠬᠡᠦᠬᠡᠳ ᠢᠶᠠᠨ ᠳᠠᠭᠠᠭᠤᠯᠤᠨ᠂ ᠵᠤᠭᠠᠴᠠᠵᠦ ᠨᠠᠭᠠᠳᠴᠦ ᠪᠠᠶᠢᠨ᠎ᠠ᠃ ᠡᠮᠦᠨᠡᠲᠦ ᠣᠷᠣᠨ ᠤ | ᠴᠥᠭᠡᠨ ᠪᠤᠰᠤ ᠵᠤᠭᠠᠴᠠᠭᠰᠠᠳ ᠪᠠᠰᠠ ᠠᠭᠤᠷ ᠠᠮᠢᠰᠬᠤᠯ ᠤᠨ ᠵᠥᠷᠢᠶ᠎ᠡ ᠶᠢ ᠣᠶᠢᠯᠠᠭᠠᠬᠤ ᠪᠠᠷ ᠢᠷᠡᠵᠦ ᠪᠠᠶᠢᠨ᠎ᠠ᠃ ︿ | ᠲᠠᠪᠤᠨ ᠨᠠᠭᠤᠷ ᠢ ᠳᠤᠭᠤᠯᠬᠤ﹀ ᠥᠪᠡᠷ ᠢᠶᠠᠨ ᠲᠡᠷᠭᠡ ᠵᠢᠯᠤᠭᠤᠳᠬᠤ ᠵᠠᠮ ᠱᠤᠭᠤᠮ ᠡᠬᠢᠯᠡᠨ ᠬᠥᠭᠵᠢᠭᠰᠡᠨ ᠠᠴᠠ | ᠨᠠᠭᠠᠰᠢ᠂ ᠭᠠᠳᠠᠷ ᠣᠷᠣᠨ ᠠᠴᠠ ᠲᠤᠰᠬᠠᠶᠢᠯᠠᠨ ᠢᠷᠡᠵᠦ ᠵᠤᠭᠠᠴᠠᠨ ᠨᠠᠭᠠᠳᠬᠤ ᠬᠦᠮᠦᠰ ᠤᠯᠠᠰᠢᠷᠠᠪᠠ᠃ ︿ᠲᠠᠪᠤᠨ | ᠨᠠᠭᠤᠷ ᠢ ᠲᠤᠭᠤᠯᠬᠤ﹀ ᠪᠣᠯ ᠠᠯᠠᠱᠠ ᠶᠢᠨ ᠲᠡᠭᠷᠢ ᠡᠯᠡᠰᠦᠨ ᠳᠠᠬᠢ ᠪᠠᠷᠲᠠᠭ᠎ᠠ ᠰᠢᠨᠵᠢᠯᠡᠬᠦ ᠰᠣᠩᠭᠤᠳᠠᠭ ᠵᠠᠮ ᠱᠤᠭᠤᠮ | ᠪᠣᠯᠣᠨ᠎ᠠ᠂ ᠲᠡᠷᠡ ᠨᠢ ᠬᠤᠨᠳᠣ ᠨᠠᠭᠤᠷ᠂ ᠤᠯᠠᠭᠠᠨ ᠨᠠᠭᠤᠷ᠂ ᠰᠦᠮᠡᠳᠦ ᠨᠠᠭᠤᠷ᠂ ᠨᠡᠷᠡᠨ ᠨᠠᠭᠤᠷ᠂ ᠬᠠᠯᠳᠠᠷ ᠨᠠᠭᠤᠷ | ᠵᠡᠷᠭᠡ ᠲᠣᠰ ᠲᠣᠰ ᠤᠨ ᠣᠨᠴᠠᠯᠢᠭ ᠲᠠᠢ ᠡᠯᠡᠰᠦ ᠮᠠᠩᠬᠠᠨ ᠤ ᠨᠠᠭᠤᠷ ᠪᠦᠷᠢᠳᠦ ᠶᠢ ᠬᠤᠯᠪᠣᠵᠤ ᠪᠠᠶᠢᠳᠠᠭ︾ ᠭᠡᠵᠡᠢ᠃ | ᠡᠨᠡ ᠬᠦ ᠵᠠᠮ ᠱᠤᠭᠤᠮ ᠨᠢ ᠵᠤᠭᠠᠴᠠᠭᠰᠠᠳ ᠲᠤ ᠡᠯᠡᠰᠦ ᠮᠠᠩᠬᠠᠨ ᠤ ᠰᠦᠷᠯᠢᠭ ᠰᠠᠶᠢᠬᠠᠨ ᠪᠠ ᠷᠢᠳᠢ ᠰᠢᠳᠢ ᠶᠢ | ᠣᠶᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠵᠠᠮ ᠳᠠᠭᠠᠤ ᠨᠠᠭᠤᠷ ᠪᠦᠷᠢᠳᠦ ᠶᠢᠨ ᠨᠠᠮ ᠰᠡᠯᠡᠭᠦᠨ᠂ ᠦᠵᠡᠰᠭᠦᠯᠡᠩ | ᠰᠠᠶᠢᠬᠠᠨ ᠢ ᠮᠡᠳᠡᠷᠡᠭᠦᠯᠵᠦ ᠪᠠᠶᠢᠳᠠᠭ᠃ ᠭᠢᠷᠢᠨ ᠮᠤᠵᠢ ᠶᠢᠨ ᠴᠠᠩᠴᠦ᠋ᠨ ᠬᠤᠳᠠ ᠠᠴᠠ ᠢᠷᠡᠭᠰᠡᠨ ᠰᠣ᠋ ᠰᠢᠶᠣᠣ | ᠲᠢᠶᠠᠨ᠄ ︽ᠡᠨᠡ ᠤᠳᠠᠭ᠎ᠠ ᠠᠪᠤ ᠡᠵᠢ ᠲᠠᠢ ᠪᠠᠨ ᠬᠠᠮᠲᠤ ᠠᠯᠠᠱᠠ ᠳᠤ ᠢᠷᠡᠬᠡᠳ᠂ ᠡᠯᠡᠰᠦ ᠮᠠᠩᠬᠠᠨ ᠤ ᠭᠤᠶᠢᠳᠠ | ᠰᠠᠶᠢᠬᠠᠨ ᠦᠵᠡᠮᠵᠢ ᠶᠢ ᠰᠤᠨᠢᠷᠬᠠᠨ᠂ ︿ᠬᠤᠷᠳᠤᠴᠠ ᠪᠣᠯᠣᠨ ᠬᠦᠭᠰᠡᠬᠦ ᠰᠡᠳᠭᠢᠯᠭᠡ﹀ ᠶᠢᠨ ᠮᠥᠷᠭᠦᠯᠳᠦᠯ ᠢ | ᠪᠡᠶ᠎ᠡ ᠪᠠᠷ ᠢᠶᠠᠨ ᠮᠡᠳᠡᠷᠡᠵᠦ᠂ ᠮᠠᠷᠳᠠᠭᠳᠠᠰᠢ ᠦᠬᠡᠢ ᠳᠤᠷᠠᠳᠬᠠᠯ ᠲᠠᠢ ᠪᠤᠯᠤᠯ᠎ᠠ︾ ᠬᠡᠵᠦ ᠪᠠᠶᠢᠯ᠎ᠠ᠃ | ᠰᠢᠨᠡᠳᠤᠬᠤᠢ ᠭᠠᠴᠠᠭ᠎ᠠ ᠨᠢ ᠪᠠᠶᠠᠨᠬᠤᠲᠠ ᠠᠴᠠ ᠪᠠᠷᠠᠭᠤᠨᠰᠢ 27 ᠺᠢᠯᠣᠮᠧᠲᠷ ᠵᠠᠶᠢᠳᠠᠢ ᠪᠠᠶᠢᠷᠢᠯᠠᠵᠤ᠂ ᠲᠡᠭᠷᠢ | ᠡᠯᠡᠰᠦᠨ ᠳᠤ ᠬᠦᠷᠬᠦ ᠵᠠᠮ ᠳᠡᠬᠡᠷ᠎ᠠ ᠪᠠᠶᠢᠳᠠᠭ᠃ ᠭᠠᠴᠠᠭ᠎ᠠ ᠶᠢᠨ ᠣᠯᠠᠩᠬᠢ ᠠᠷᠠᠳ ᠮᠠᠯᠴᠢᠨ ᠠᠶᠢᠯ ᠤᠨ ᠵᠤᠭᠠᠴᠠᠯ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠪᠠᠭᠤᠳᠠᠯ ᠵᠢᠴᠢ ᠮᠠᠩᠬᠠᠨ ᠳᠠᠪᠠᠯᠭᠠᠨ ᠢ ᠥᠭᠰᠥᠬᠦ ᠵᠢᠯᠤᠭᠤᠴᠢ᠂ | ᠵᠠᠮᠴᠢᠯᠠᠭᠴᠢ ᠵᠡᠷᠭᠡ ᠡᠯᠡᠰᠦ ᠮᠠᠩᠬᠠᠨ ᠤ ᠵᠤᠭᠠᠴᠠᠯ ᠤᠨ ᠦᠢᠯᠡᠴᠢᠯᠡᠭᠡ ᠬᠢᠵᠦ ᠪᠠᠶᠢᠨ᠎ᠠ᠃ | ᠰᠢᠨᠡᠳᠤᠬᠤᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠶᠠᠩ ᠳ᠋ᠧ ᠷᠦᠩ᠄ ︽ᠪᠦᠬᠦ ᠭᠠᠴᠠᠭ᠎ᠠ ᠳᠤ | ᠵᠤᠭᠠᠴᠠᠯ ᠤᠨ ᠭᠠᠵᠠᠷ ᠲᠠᠢ ᠦᠢᠯᠡᠴᠢᠯᠡᠭᠡ ᠵᠠᠯᠭᠠᠵᠤ ᠪᠠᠶᠢᠭ᠎ᠠ ᠡᠷᠦᠬᠡ 4᠂ ᠠᠷᠠᠳ ᠤᠨ ᠰᠠᠭᠤᠴᠠ ᠡᠷᠬᠢᠯᠡᠵᠦ | ᠪᠠᠶᠢᠭ᠎ᠠ ᠡᠷᠦᠬᠡ 25᠂ ᠢᠳᠡᠭᠡᠨ ᠤᠮᠳᠠᠭᠠᠨ ᠤ ᠦᠢᠯᠡᠰ ᠡᠷᠬᠢᠯᠡᠵᠦ ᠪᠠᠶᠢᠭ᠎ᠠ ᠡᠷᠦᠬᠡ 2 ᠪᠤᠢ᠃ ᠲᠡᠳᠡ | ᠭᠠᠴᠠᠭᠠᠨ ᠤ 40 ᠭᠠᠷᠤᠢ ᠬᠥᠮᠥᠨ ᠢ ᠳᠠᠶᠢᠴᠢᠯᠠᠨ ᠠᠵᠢᠯ ᠤᠯᠭᠤᠪᠠ᠃ ᠵᠢᠭᠤᠯᠴᠢᠯᠠᠯ ᠤᠨ ᠣᠷᠣᠯᠭ᠎ᠠ ᠨᠢ | ᠨᠢᠭᠡᠨᠲᠡ ᠭᠠᠴᠠᠭᠠᠨ ᠤ ᠮᠠᠯᠴᠢᠨ ᠲᠠᠷᠢᠶᠠᠴᠢᠨ ᠤ ᠬᠠᠮᠤᠭ ᠤᠨ ᠭᠤᠣᠯ ᠣᠷᠣᠯᠭ᠎ᠠ ᠶᠢᠨ ᠢᠷᠡᠯᠲᠡ ᠪᠣᠯᠤᠭᠰᠠᠨ | ᠪᠠᠶᠢᠨ᠎ᠠ︾ ᠬᠡᠵᠡᠢ᠃ | ᠣᠶᠢᠷ᠎ᠠ ᠶᠢᠨ ᠵᠢᠯ ᠳᠤ᠂ ᠰᠢᠨᠡᠳᠤᠬᠤᠢ ᠭᠠᠴᠠᠭ᠎ᠠ ᠶᠢᠨ ᠬᠢᠨ ︽ᠨᠠᠮ ᠤᠨ ᠡᠭᠦᠷ + ᠬᠤᠷᠰᠢᠶ᠎ᠠ + ᠨᠠᠮ ᠤᠨ | ᠭᠡᠰᠢᠭᠦᠨ ᠤ ᠭᠤᠤᠯᠯᠠᠭᠴᠢ ᠡᠷᠦᠬᠡ + ᠪᠠᠶᠠᠵᠢᠯ ᠤᠨ ᠳᠠᠭᠠᠭᠤᠯᠤᠭᠴᠢ + ᠨᠠᠮ ᠤᠨ ᠭᠡᠰᠢᠭᠦᠨ + ᠮᠠᠯᠴᠢᠨ | ᠲᠠᠷᠢᠶᠠᠴᠢᠨ ᠡᠷᠦᠬᠡ︾ ᠶᠢᠨ ᠬᠠᠮᠲᠤᠷᠠᠨ ᠡᠵᠡᠩᠨᠡᠵᠦ ᠬᠠᠮᠲᠤ ᠪᠠᠷ ᠪᠠᠶᠠᠵᠢᠬᠤ ᠵᠠᠭᠪᠤᠷ ᠢ ᠠᠪᠴᠤ᠂ ᠠᠯᠠᠱᠠ ᠶᠢᠨ | ᠪᠠᠭᠠᠲᠤᠷᠴᠤᠳ ᠤᠨ ᠴᠤᠭᠯᠠᠭᠠᠨ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠬᠤᠳᠠᠯᠳᠤᠭᠠᠨ ᠤ ᠳᠡᠭᠡᠳᠦ | ᠰᠤᠷᠭᠠᠭᠤᠯᠢ ᠶᠢᠨ ᠡᠯᠡᠰᠦ ᠮᠠᠩᠬᠠᠨ ᠳᠤ ᠦᠷᠢᠰᠦᠯᠳᠦᠬᠦ ᠤᠷᠤᠯᠳᠤᠭᠠᠨ ᠳᠤ ᠲᠦᠰᠢᠭᠯᠡᠨ᠂ ᠳᠥᠭᠦᠮ ᠳᠥᠲᠡ ᠵᠠᠮ | ᠬᠠᠷᠢᠯᠴᠠᠭ᠎ᠠ᠂ ᠡᠯᠡᠰᠦ ᠮᠠᠩᠬᠠᠨ ᠤ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠥᠩᠭᠡ | ᠦᠵᠡᠮᠵᠢ ᠶᠢᠨ ᠳᠠᠪᠠᠭᠤᠯᠢᠭ ᠲᠤ ᠳᠦᠰᠢᠭᠯᠡᠨ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠵᠢᠮᠢᠰ ᠨᠣᠭᠤᠭ᠎ᠠ ᠳᠠᠷᠢᠬᠤ᠂ | ᠲᠣᠭᠤᠷᠢᠨ ᠦᠵᠡᠵᠦ ᠲᠡᠭᠦᠬᠦ᠂ ᠡᠯᠡᠰᠦ ᠮᠠᠩᠬᠠᠨ ᠤ ᠪᠠᠷᠲᠠᠭ᠎ᠠ ᠰᠢᠨᠵᠢᠯᠡᠬᠦ᠂ ᠵᠤᠭ᠎ᠠ ᠴᠡᠩᠭᠡᠯ᠂ ᠠᠷᠠᠳ ᠤᠨ ᠵᠠᠩ | ᠳᠠᠳᠬᠠᠯ ᠢ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠦᠢᠯᠡᠰ ᠢ ᠢᠳᠡᠪᠬᠢᠲᠡᠢ ᠬᠦᠭᠵᠢᠬᠦᠯᠵᠦ | ᠪᠠᠶᠢᠨ᠎ᠠ᠃ ᠡᠳᠦᠭᠡ᠂ ᠰᠢᠨᠡᠳᠤᠬᠤᠢ ᠭᠠᠴᠠᠭ᠎ᠠ ᠶᠢᠨ ᠤᠯᠠᠨ ᠲᠦᠮᠡᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ | ᠬᠥᠭᠵᠢᠵᠦ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠵᠦ | ᠪᠠᠶᠢᠨ᠎ᠠ᠃ |