ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠢ ᠲᠣᠭᠲᠠᠭᠤᠨ | ᠪᠠᠶᠢᠯᠭᠠᠬᠤ ᠳᠤ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠠᠴᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠭᠡᠵᠦ | ᠳᠤᠷᠠᠳᠤᠭᠰᠠᠨ ᠨᠢ ᠳᠠᠷᠤᠢ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠨ ᠥᠭᠴᠦ᠂ ᠬᠦᠴᠤᠨ ᠣᠯᠭᠤᠵᠤ ᠦᠷ᠎ᠡ ᠠᠰᠢᠭ ᠢ ᠨᠢ ᠨᠡᠮᠡᠭᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠨᠡᠮᠡᠭᠳᠡᠯ ᠳᠤ ᠨᠡᠩ ᠤᠯᠠᠨ ᠬᠥᠳᠡᠯᠭᠡᠬᠦ ᠡᠨᠧᠷᠭᠢ ᠨᠡᠮᠡᠷᠢᠯᠡᠬᠦ ᠶᠢᠨ ᠲᠥᠯᠥᠭᠡ ᠶᠤᠮ᠃ | ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠰ ᠮᠥᠨ᠂ ᠪᠦᠬᠦ᠋ᠯᠡ ᠠᠵᠤ ᠠᠬᠤᠢ ᠶᠢᠨ | ᠠᠮᠢᠵᠢᠷᠠᠯ ᠤᠨ ᠬᠦᠴᠦᠨ ᠪᠠ ᠥᠷᠨᠢᠩᠭᠦᠢ ᠬᠥᠭᠵᠢᠯᠲᠡ ᠶᠢᠨ ᠰᠠᠭᠤᠷᠢ ᠮᠥᠨ᠃ ᠣᠳᠣᠬᠠᠨ ᠳᠤ ᠮᠠᠨ ᠤ ᠣᠷᠣᠨ ᠤ | ᠠᠵᠤ ᠠᠬᠤᠶᠢᠯᠠᠯ ᠠᠳᠠᠯᠢ ᠪᠤᠰᠤ ᠬᠡᠮᠵᠢᠶ᠎ᠡ ᠪᠠᠷ ᠬᠦᠴᠢᠷᠳᠡᠯ ᠳᠤ ᠲᠤᠯᠭᠠᠷᠠᠵᠤ᠂ ᠡᠯ᠎ᠡ ᠱᠠᠲᠤᠨ ᠤ ᠵᠠᠰᠠᠭ ᠤᠨ | ᠣᠷᠳᠣᠨ ᠰᠠᠨᠠᠭᠠᠴᠢᠯᠠᠭ᠎ᠠ ᠠᠴᠠ ᠪᠠᠨ ᠬᠥᠳᠡᠯᠦᠯᠴᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ | ᠬᠠᠪᠰᠤᠷᠤᠨ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠶᠢ ᠳᠣᠯᠭᠠᠮ᠎ᠠ ᠱᠠᠭᠠᠷᠳᠠᠵᠤ | ᠪᠠᠶᠢᠨ᠎ᠠ᠃ ᠴᠠᠭ ᠪᠣᠯ ᠵᠣᠭᠤᠰ ᠮᠥᠩᠭᠦ᠂ ᠠᠵᠤ ᠠᠬᠤᠶᠢᠯᠠᠯ ᠳᠤ ᠠᠪᠴᠤ ᠬᠡᠯᠡᠪᠡᠯ ᠨᠠᠩ ᠴᠤ ᠠᠳᠠᠯᠢᠬᠠᠨ ᠶᠤᠮ᠃ | ᠡᠯ᠎ᠡ ᠱᠠᠲᠤ ᠡᠯ᠎ᠡ ᠭᠠᠵᠠᠷ ᠤᠨ ᠬᠢᠨ ᠪᠠᠰᠠ ᠬᠢᠨᠠᠨ ᠵᠥᠪᠰᠢᠶᠡᠷᠡᠬᠦ ᠪᠠᠨ ᠲᠦᠷᠭᠡᠳᠭᠡᠵᠦ᠂ ᠴᠠᠭ ᠬᠢᠵᠠᠭᠠᠷᠯᠠᠨ ᠬᠢᠨᠠᠨ | ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠵᠢᠶ᠎ᠡ ᠭᠦᠢᠴᠡᠳᠭᠡᠵᠦ ᠳᠠᠭᠤᠰᠬᠠᠬᠤ ᠭᠡᠵᠤ ᠠᠮᠠᠯᠳᠠᠬᠰᠠᠡ ᠪᠤᠯ | ᠬᠡᠵᠢᠶ᠎ᠡ ᠭᠦᠢᠴᠡᠳᠭᠡᠵᠦ ᠳᠠᠭᠤᠰᠬᠠᠨ᠂ ᠭᠦᠢᠴᠡᠳᠭᠡᠵᠦ ᠳᠡᠶᠢᠯᠬᠦ ᠥᠬᠡᠶ ᠪᠣᠯ ᠴᠠᠭ ᠲᠤᠬᠠᠶ ᠳᠤᠨᠢ ᠳᠡᠭᠡᠭᠰᠢ | ᠮᠡᠳᠡᠭᠦᠯᠬᠦ ᠶᠢᠨ ᠵᠡᠷᠭᠡ ᠪᠠᠷ ᠠᠵᠤ ᠠᠬᠤᠶᠢᠯᠠᠯ ᠳᠤ ᠲᠣᠳᠣᠷᠬᠠᠶ ᠲᠠᠶᠢᠯᠪᠤᠷᠢᠯᠠᠵᠤ ᠥᠭᠬᠦ ᠬᠡᠷᠡᠭᠲᠡᠶ᠃ ᠡᠯ᠎ᠡ | ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠢᠨ ︽ᠠᠰᠠᠷᠠᠭᠴᠢ︾ ᠶᠢᠨ ᠤᠬᠠᠮᠰᠠᠷ ᠢᠶᠠᠨ ᠴᠢᠩᠭᠠᠳᠬᠠᠵᠤ᠂ ︽ | ᠬᠠᠳᠠᠮ ᠡᠵᠢ ᠣᠯᠠᠨ︾᠂ ︽ᠡᠭᠦᠳᠡ ᠡᠷᠢᠬᠦ ᠳᠤ ᠬᠦᠴᠢᠷ︾ ᠬᠢᠨᠠᠨ ᠵᠥᠪᠰᠢᠶᠡᠷᠡᠬᠦ ᠵᠦᠢᠯᠡᠰ ᠢ ᠬᠠᠪᠰᠤᠷᠤᠨ | ᠭᠦᠢᠴᠡᠳᠭᠡᠵᠦ ᠣᠷᠣᠯᠠᠨ ᠭᠦᠢᠴᠡᠳᠭᠡᠵᠦ᠂ ᠠᠵᠤ ᠠᠬᠤᠶᠢᠯᠠᠯ ᠢ ᠢᠯᠡᠭᠦᠬᠡᠨ ᠴᠠᠭ ᠵᠠᠷᠤᠴᠠᠭᠤᠯᠵᠤ ᠪᠠᠶᠢᠭᠠᠳ ᠵᠠᠬ᠎ᠠ | ᠳᠡᠯᠭᠡᠭᠦᠷ ᠲᠤ ᠣᠴᠢᠭᠤᠯᠤᠨ᠂ ᠬᠢᠨᠠᠨ ᠵᠥᠪᠰᠢᠶᠡᠷᠡᠬᠦ ᠳᠤ ᠳᠤᠲᠠᠭᠤ ᠴᠠᠭ ᠵᠠᠷᠤᠴᠠᠭᠤᠯᠬᠤ ᠪᠤᠯᠭᠠᠬᠤ ᠬᠡᠷᠡᠭᠲᠡᠶ᠃ | ᠵᠠᠰᠠᠭ ᠤᠨ ᠣᠷᠳᠣᠨ ᠪᠤᠯᠢᠬᠠᠶᠢᠯᠠᠬᠴᠢ ᠪᠣᠯᠵᠤ ᠪᠣᠯᠬᠤ ᠦᠭᠡᠶ᠂ ᠡᠯ᠎ᠡ ᠱᠠᠲᠤᠨ ᠤ ᠬᠢᠨ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ | ᠵᠣᠭᠤᠰ ᠢ ᠲᠦᠷᠭᠡᠨ ᠳᠥᠯᠥᠵᠦ᠂ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ | ᠨᠠᠮᠳᠠᠭᠤᠯᠬᠤ ᠬᠡᠷᠡᠭᠲᠡᠶ᠃ | ᠭᠤᠣᠯᠴᠢ ᠪᠠᠷ ᠦᠷᠢᠰᠦᠯᠳᠦᠬᠦ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠤᠣᠯᠳᠠᠯᠭ᠎ᠠ ᠮᠥᠨ᠃ | ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠦᠬᠦᠴᠡᠯ ᠢ | ᠦᠷᠭᠦᠯᠵᠢᠯᠡᠨ ᠰᠢᠯᠢᠳᠡᠭᠵᠢᠭᠦᠯᠪᠡᠯ ᠰᠠᠶ᠋ᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠵᠦ ᠴᠢᠳᠠᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ | ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ | ᠲᠡᠭᠰᠢ ᠪᠠᠷ ᠬᠠᠨᠳᠤᠵᠤ᠂ ᠡᠩ ᠤᠨ ᠬᠤᠳᠠᠯᠳᠤᠭᠠᠨ ᠤ ᠵᠢᠭᠡᠯᠡᠯᠭᠡ ᠶᠢ ᠲᠠᠯᠪᠢᠬᠤ ᠨᠥᠬᠦᠴᠡᠯ ᠪᠣᠯᠤᠨ ᠬᠦᠦ ᠮᠥᠩᠭᠦ ᠶᠢᠨ | ᠲᠦᠪᠰᠢᠨ ᠤ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠡᠬᠡ ᠮᠥᠩᠭᠦ ᠪᠠᠨ ᠪᠤᠴᠠᠭᠠᠬᠤ ᠦᠭᠡᠶ ᠪᠠᠷ ᠦᠷᠭᠦᠯᠵᠢᠯᠡᠨ | ᠵᠢᠭᠡᠯᠡᠯᠭᠡ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠴᠤ ᠢᠯᠭᠠᠭ᠎ᠠ ᠲᠠᠢ ᠪᠠᠷ ᠬᠠᠨᠳᠤᠵᠤ ᠪᠣᠯᠬᠤ | ᠦᠭᠡᠶ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ | ᠠᠳᠬᠤᠵᠤ᠂ ᠰᠢᠢᠳᠪᠦᠷᠢᠯᠡᠬᠦ ᠲᠥᠰᠦᠯ ᠢ ᠲᠦᠷᠦᠯ ᠬᠤᠪᠢᠶᠠᠨ ᠲᠣᠭᠲᠠᠭᠠᠬᠤ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠣᠨ ᠳᠠᠭᠠᠭᠠᠴᠢᠯᠠᠯᠲᠠ ᠵᠠᠷᠯᠠᠬᠤ ᠳᠠᠭᠠᠨ ᠡᠷᠬᠡ ᠲᠡᠭᠰᠢ ᠲᠥᠪ ᠭᠤᠤᠯᠴᠢ ᠪᠠᠶᠢᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠯᠴᠠᠬᠤ ᠪᠠᠷᠢᠮᠵᠢᠶ᠎ᠠ ᠶᠢ ᠵᠣᠷᠢᠭᠤᠳᠠ ᠳᠡᠭᠡᠭᠰᠢᠯᠡᠭᠦᠯᠬᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠳᠠᠭᠠᠭᠠᠴᠢᠯᠠᠯᠲᠠ ᠣᠯᠵᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢᠶᠠᠷ ᠠᠵᠢᠯ ᠬᠢᠯᠭᠡᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠩ ᠣᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠰᠢᠭᠤᠳ ᠲᠠᠯᠠᠪᠠᠢ ᠳᠤ ᠣᠷᠣᠬᠤ ᠪᠢᠯᠧᠲ ᠣᠯᠭᠤᠬᠤ ᠬᠡᠷᠡᠭᠲᠡᠶ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠣᠯ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠬᠤ ᠪᠥᠭᠡᠳ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ | ᠵᠠᠩᠭᠢᠯᠠᠭ᠎ᠠ ᠪᠣᠯᠤᠨ᠎ᠠ᠃ ᠡᠯ᠎ᠡ ᠭᠠᠵᠠᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠠᠶᠢᠯᠢ ᠲᠠᠲᠠᠪᠤᠷᠢ ᠶᠢ | ᠤᠷᠤᠯᠠᠭᠤᠯᠬᠤ᠂ ᠠᠰᠢᠭ ᠬᠤᠨᠵᠢᠪᠣᠷᠢ ᠶᠢ ᠪᠤᠴᠠᠭᠠᠬᠤ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠᠷ | ᠳᠡᠮᠵᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠪᠠ ᠰᠢᠨ᠎ᠡ ᠶᠢ ᠡᠭᠦᠳᠬᠦ ᠡᠬᠢ | ᠪᠠᠶᠠᠯᠢᠭ ᠢᠶᠠᠨ ᠨᠡᠭᠡᠭᠡᠬᠦ ᠶᠢ ᠠᠬᠢᠭᠤᠯᠵᠤ᠂ ᠴᠢᠳᠠᠪᠤᠷᠢ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ | ᠵᠠᠰᠠᠭ ᠤᠨ ᠣᠷᠳᠣᠨ ᠤ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠦᠯᠬᠦ ᠬᠡᠷᠡᠭᠲᠡᠶ᠃ | ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ ᠳᠤ ᠪᠠᠰᠠ ︽ᠬᠡᠮᠵᠢᠶ᠎ᠡ︾ ᠪᠠ ︽ᠵᠠᠭᠠᠭ︾ ᠢ ᠰᠠᠶᠢᠲᠤᠷ ᠡᠵᠡᠮᠳᠡᠵᠦ | ᠂ ᠤᠴᠢᠷ ᠥᠬᠡᠶ ᠪᠣᠯ ᠬᠠᠷᠰᠢᠯᠠᠬᠤ ᠥᠬᠡᠶ᠂ ᠳᠠᠭᠤᠳᠠᠪᠠᠯ ᠡᠷᠬᠡᠪᠰᠢ ᠲᠡᠷᠡ ᠲᠠᠷᠤᠢ ᠳᠤᠨᠢ ᠬᠠᠷᠢᠭᠤ ᠦᠭᠬᠦ ᠶᠢ ᠦᠨᠡᠨ | ᠬᠦ ᠪᠡᠶᠡᠯᠡᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠬᠠᠤᠯᠢ ᠬᠡᠷᠡᠭᠵᠢᠭᠦᠯᠬᠦ ᠪᠠᠨ ᠵᠢᠷᠤᠮᠵᠢᠭᠤᠯᠵᠤ᠂ ᠤᠴᠢᠷ ᠦᠭᠡᠢ | ᠪᠣᠯ ᠠᠵᠤ ᠠᠬᠤᠶᠢᠯᠠᠯ ᠲᠡᠶᠢᠰᠢ ᠭᠦᠶᠦᠬᠦ ᠪᠠᠨ ᠪᠤᠯᠢᠵᠤ᠂ ᠴᠢᠬᠤᠯᠠ ᠪᠦᠬᠦᠢ ᠪᠠᠶᠢᠴᠠᠭᠠᠯᠲᠠ ᠳᠤ ᠴᠤ ︽ᠲᠦᠷᠪᠡ | ᠦᠭᠡᠢ ᠬᠤᠶᠠᠷ ᠰᠢᠭᠤᠳ︾ ᠵᠡᠷᠭᠡ ᠠᠷᠭ᠎ᠠ ᠬᠡᠯᠪᠡᠷᠢ ᠶᠢ ᠢᠯᠡᠭᠦᠬᠡᠨ ᠬᠡᠷᠡᠭᠯᠡᠵᠦ᠂ ᠮᠡᠷᠭᠡᠵᠢᠯ ᠤᠨ ᠠᠷᠭ᠎ᠠ ᠪᠠᠷᠢᠯ ᠢ | ᠬᠡᠷᠡᠭᠯᠡᠵᠦ ᠪᠤᠯᠪᠠᠯ ᠬᠥᠮᠦᠨ ᠬᠡᠷᠡᠭᠯᠡᠬᠦ ᠪᠠᠨ ᠪᠠᠭᠠᠰᠬᠠᠬᠤ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯ ᠢ | ᠲᠤᠰᠠᠯᠠᠬᠤ ᠭᠡᠳᠡᠭ ᠨᠢ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠶᠢᠨ ᠬᠠᠮᠲᠤ ᠦᠨᠡᠨ ᠪᠣᠳᠠᠲᠠᠶ ᠪᠠᠷ ᠬᠠᠷᠢᠭᠤ | ᠲᠤᠰᠬᠠᠵᠤ᠂ ᠬᠠᠷᠢᠭᠤ ᠲᠤᠰᠬᠠᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠲᠠᠯᠪᠢᠬᠤ ᠶᠢ ᠬᠡᠯᠡᠵᠦ | ᠪᠣᠶ᠃ ᠵᠥᠭᠡᠯᠡᠨ ᠢᠶᠠᠷ ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ︽ᠥᠨᠳᠡᠭᠡᠨ ᠠᠴᠠ ᠶᠠᠰᠤ ᠡᠷᠢᠵᠦ︾ ᠪᠣᠯᠬᠤ | ᠦᠭᠡᠢ᠃ | ︽ᠪᠢ ᠨᠡᠷᠡᠨ ᠤ ᠭᠡᠷᠡᠯ ᠬᠤᠷ᠎ᠠ ᠪᠣᠷᠣᠭᠠᠨ ᠬᠠᠩᠭᠠᠶ᠎ᠠ᠂ ᠲᠠ ᠢᠳᠡᠷᠡᠭᠦᠨ ᠢᠶᠠᠷ ᠦᠰᠦᠨ ᠪᠤᠶᠢᠵᠢᠭᠠᠷᠠᠢ︾᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠤᠢᠢᠯᠠᠭᠠᠨ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ | ᠶᠠᠪᠤᠳᠠᠯ ᠢᠶᠠᠨ ᠪᠣᠯᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ | ᠰᠢᠢᠳᠪᠦᠷᠢᠯᠡᠨ ᠥᠭᠴᠦ᠂ ᠬᠦᠴᠢᠷ ᠢ ᠲᠤᠭᠤᠯᠵᠤ᠂ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠭᠡᠵᠦ᠂ | ᠠᠵᠤ ᠠᠬᠤᠶᠢᠯᠠᠯ ᠤᠨ ︽ᠭᠠᠭᠴᠠᠭᠠᠷ ᠠᠵᠢᠯᠯᠠᠵᠤ ᠲᠡᠮᠡᠴᠡᠬᠦ︾ ᠶᠢ ᠵᠠᠰᠠᠭ ᠠᠵᠤ ᠠᠬᠤᠶᠢᠯᠠᠯ ᠤᠨ ᠰᠡᠳᠭᠢᠯ ᠨᠢᠭᠡᠳᠦᠨ | ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ ᠪᠣᠯᠭᠠᠪᠠᠯ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢᠨ ᠬᠠᠨᠳᠤᠰᠢ ᠶᠢ ᠨᠡᠩ ᠡᠷᠴᠢᠮᠲᠡᠢ ᠪᠣᠯᠭᠠᠵᠤ ᠴᠢᠳᠠᠨ᠎ᠠ᠃ |