ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠢᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2025/1/10
    1 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠲᠥᠪ ᠤᠨ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠳᠤ ᠪᠠᠲᠤ ᠰᠠᠭᠤᠷᠢ ᠲᠠᠯᠪᠢᠵᠤ ᠥᠭᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠣᠳᠬ᠎ᠠ ᠰᠠᠨᠠᠭ᠎ᠠ ᠠᠯᠤᠰ ᠬᠡᠳᠤ ᠶᠢᠨ ᠂ ᠦᠵᠡᠯ ᠰᠠᠨᠠᠭ᠎ᠠ ᠡᠴᠢᠨ᠎ᠠ ᠭᠦᠨ᠂ ᠥᠭᠦᠯᠡᠯᠲᠡ ᠭᠦᠨ ᠭᠦᠨᠵᠡᠭᠡᠢ ᠪᠠᠶᠢᠵᠤ᠂ ᠨᠢᠭᠡᠨ ᠠᠮᠢᠳᠤᠯᠢᠭ ᠪᠤᠳᠠᠳᠠᠢ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠪᠠᠶᠢᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠣᠳᠣᠯᠭᠠᠲᠤ ᠴᠢᠨᠠᠷ᠂ ᠵᠢᠯᠣᠭᠤᠳᠬᠤ ᠴᠢᠨᠠᠷ ᠪᠣᠯᠤᠨ ᠬᠠᠨᠳᠤᠯᠭᠠᠲᠤ ᠴᠢᠨᠠᠷ ᠲᠠᠢ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠤᠢᠢᠯᠠᠭᠠᠨ ᠡᠵᠡᠮᠰᠢᠵᠦ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠢᠮᠠᠭᠲᠠ ᠬᠠᠮᠤᠭ ᠤᠨ ᠶᠡᠭᠡ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠪᠣᠯᠭᠠᠵᠤ᠂ ᠰᠡᠳᠭᠢᠯ ᠳᠡᠭᠡᠨ ᠲᠤᠩᠭᠠᠵᠤ᠂ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠬᠢᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠨᠠᠰᠤᠨ ᠲᠤᠷᠰᠢᠳᠠ ᠶᠢᠨ ᠵᠠᠪᠠᠯ ᠰᠤᠷᠬᠤ ᠬᠢᠴᠢᠶᠡᠯ ᠪᠣᠯᠭᠠᠵᠤ᠂ ᠲᠡᠭᠦᠨ ᠤ ᠳᠤᠮᠳᠠ ᠠᠴᠠ ᠨᠠᠮᠴᠢ ᠴᠢᠨᠠᠷ ᠤᠨ ᠰᠢᠮ᠎ᠡ ᠲᠡᠵᠢᠭᠡᠯ ᠢ ᠰᠢᠩᠭᠡᠭᠡᠨ ᠠᠪᠬᠤ ᠳᠠᠭᠠᠨ ᠴᠢᠳᠠᠮᠠᠭᠠᠢ ᠪᠠᠶᠢᠵᠤ᠂ ᠵᠠᠰᠠᠭ ᠪᠠᠷᠢᠬᠤ ᠶᠣᠰᠣ ᠶᠢ ᠣᠶᠢᠯᠠᠭᠠᠵᠤ᠂ ᠪᠡᠶᠡᠴᠢ ᠶᠢᠷᠳᠢᠨᠴᠦ ᠶᠢ ᠥᠭᠡᠷᠡᠴᠢᠯᠡᠬᠦ ᠳᠤ ᠨᠡᠩ ᠰᠠᠶᠢᠲᠤᠷ ᠬᠡᠷᠡᠭᠯᠡᠵᠦ᠂ ᠠᠵᠢᠯ ᠢᠶᠠᠨ ᠶᠡᠷᠦᠩᠬᠡᠶᠢᠯᠡᠨ ᠵᠢᠯᠣᠭᠤᠳᠬᠤ ᠪᠠ ᠠᠬᠢᠭᠤᠯᠬᠤ ᠬᠡᠷᠡᠭᠲᠡᠢ᠃ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠬᠢᠵᠦ ᠵᠣᠷᠢᠭᠲᠠᠢ ᠲᠤᠷᠰᠢᠵᠤ᠂ ᠵᠣᠷᠢᠭᠲᠠᠢ ᠪᠠᠷ ᠰᠢᠢᠳᠪᠦᠷᠢ ᠭᠠᠷᠭᠠᠨ ᠤᠴᠢᠷ ᠶᠠᠪᠤᠳᠠᠯ ᠢ ᠲᠣᠭᠲᠠᠭᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠢᠶᠠᠨ ᠪᠦᠬᠦ ᠰᠡᠳᠭᠢᠯ ᠪᠦᠬᠦ ᠬᠦᠴᠦᠨ ᠢᠶᠠᠷ ᠢᠶᠠᠨ ᠤᠬᠠᠭᠠᠯᠠᠨ ᠲᠦᠯᠦᠪᠯᠡᠵᠦ ᠰᠠᠶᠢᠳᠤᠷ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠷᠢᠶ᠎ᠠ ᠪᠠᠨ ᠴᠢᠩᠭ᠎ᠠ ᠬᠠᠮᠢᠶᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠣᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠢᠯᠭᠠᠭ᠎ᠠ ᠲᠠᠢ ᠬᠠᠨᠳᠤᠬᠤ︾ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠢᠨᠠᠨ ᠰᠢᠯᠭᠠᠵᠤ ᠦᠨᠡᠯᠡᠬᠦ᠂ ᠨᠠᠷᠢᠯᠢᠭ ᠣᠨᠣᠪᠴᠢᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠡᠩ ᠰᠠᠶᠢᠲᠤᠷ ᠵᠣᠷᠢᠭᠵᠢᠭᠤᠯᠬᠤ ᠬᠡᠷᠡᠭᠲᠡᠢ᠃ ᠢᠯᠵᠠᠷᠠᠯ ᠢ ᠵᠠᠯᠬᠠᠭᠠᠨ ᠰᠢᠳᠭᠡᠬᠦ ᠰᠦᠷ ᠬᠦᠴᠦᠲᠤ ᠪᠠᠶᠢᠳᠠᠯ ᠢ ᠪᠠᠲᠤᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠨ᠂ ᠬᠠᠲᠠᠭᠤ ᠴᠢᠩᠭ᠎ᠠ ᠰᠠᠬᠢᠯᠭ᠎ᠠ ᠪᠠᠲᠤ ᠪᠠᠷ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠩᠭᠤ ᠶᠢᠨ ᠴᠢᠨᠠᠷᠲᠠᠢ ᠪᠠᠷ ᠴᠢᠬᠡᠴᠢ ᠵᠠᠰᠠᠭ ᠤᠨ ᠤᠬᠠᠭᠤᠯᠭ᠎ᠠ ᠪᠠ ᠰᠡᠷᠡᠮᠵᠢᠯᠡᠭᠦᠯᠦᠯ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠬᠡᠷᠡᠭᠯᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠡᠳᠦᠷ ᠲᠤᠳᠤᠮ ᠰᠡᠳᠭᠢᠯ ᠳᠡᠭᠡᠨ ᠰᠢᠩᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号