ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10
    ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠨᠢᠭᠡ ᠡᠳᠦᠷ ᠤᠨ ᠴᠠᠭ ᠢ ᠠᠰᠢᠭᠯᠠᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠬᠦᠮᠦᠵᠢᠭᠦᠯᠦᠨ ᠬᠢᠵᠠᠭᠠᠷᠯᠠᠬᠤ ᠪᠠ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢᠨ ᠲᠣᠭᠤᠷᠢᠨ ᠳᠤ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠪᠣᠯᠤᠨ ᠪᠠᠶᠢᠩᠭᠤ ᠶᠢᠨ ᠭᠡᠰᠢᠭᠦᠨ ᠤ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠨ ᠦᠵᠡᠵᠦ᠂ ᠨᠠᠮᠴᠢ ᠴᠢᠨᠠᠷ ᠤᠨ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠲᠥᠪ ᠤᠨ ᠶᠢᠰᠦᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠰᠤᠯᠠ ᠣᠷᠣᠯᠴᠠᠵᠠᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠡᠢ᠃ ᠬᠤᠷᠠᠯ ᠠᠴᠠ ᠡᠮᠦᠨ᠎ᠡ᠂ ᠲᠤᠰᠬᠠᠶᠢᠯᠠᠨ ᠲᠥᠰᠦᠯ ᠲᠣᠭᠲᠠᠭᠠᠵᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠢ ᠥᠷᠨᠢᠭᠦᠯᠵᠦ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠭᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠢ ᠦᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠭᠡᠯ ᠬᠢᠵᠡᠢ᠃    ᠬᠤᠷᠠᠯ ᠠᠴᠠ ᠡᠩ ᠲᠡᠷᠢᠭᠦᠨ ᠳᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠭᠤᠤᠯ ᠰᠡᠳᠦᠪᠲᠦ ᠬᠦᠮᠦᠵᠢᠯ ᠤᠨ ᠲᠤᠰᠬᠠᠢ ᠰᠡᠳᠦᠪᠲᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠰᠦᠨ ᠱᠤᠤ ᠴᠧᠩ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠵᠦ᠂ ᠲᠦᠷᠦᠭᠦᠯᠡᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ᠂ ᠲᠦᠷᠦᠭᠦᠯᠡᠨ ᠨᠠᠮᠴᠢ ᠴᠢᠨᠠᠷ ᠢ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠤᠷᠲᠠᠯ ᠢᠶᠠᠨ ᠬᠠᠲᠠᠭᠤᠵᠢᠭᠤᠯᠬᠤ᠂ ᠲᠦᠷᠦᠭᠦᠯᠡᠨ ᠲᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠲᠦᠷᠦᠭᠦᠯᠡᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠭᠦᠢᠴᠡᠳᠭᠡᠬᠦ ᠵᠡᠷᠭᠡ ᠲᠦᠷᠪᠡᠨ ᠲᠠᠯ᠎ᠠ ᠪᠠᠷ ᠭᠦᠨᠵᠡᠭᠡᠢ ᠪᠠᠶᠢᠴᠠᠭᠠᠨ ᠦᠵᠡᠵᠦ᠂ ᠯᠢ ᠫᠧᠩ ᠰᠢᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢᠶᠠᠷ ᠨᠠᠵᠠᠭᠠᠢ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠤᠯᠭᠠᠵᠤ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠶᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠪᠠ᠃ ᠲᠠᠷᠠᠭ᠎ᠠ ᠨᠢ᠂ ᠰᠦᠨ ᠱᠤᠤ ᠴᠧᠩ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠪᠤᠰᠤᠳ ᠪᠠᠶᠢᠩᠭᠤ ᠶᠢᠨ ᠭᠡᠰᠢᠭᠦᠨ ᠨᠥᠬᠦᠳ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠲᠠ ᠬᠢᠵᠡᠢ᠃ ᠪᠠᠶᠢᠩᠭᠤ ᠶᠢᠨ ᠭᠡᠰᠢᠭᠦᠨ ᠨᠢᠭᠡ ᠪᠦᠷᠢ ᠦᠭᠡ ᠬᠡᠯᠡᠭᠰᠡᠨ ᠤ ᠲᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠭᠰᠡᠨ ᠰᠠᠨᠠᠯ ᠳᠤᠷᠠᠳᠪᠠ᠃    ᠰᠦᠨ ᠱᠤᠤ ᠴᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠦᠴᠦᠲᠡᠢ ᠵᠢᠯᠤᠭᠤᠳᠤᠯᠭ᠎ᠠ ᠪᠠ ᠬᠠᠪᠰᠤᠷᠤᠯᠭ᠎ᠠ ᠳᠣᠣᠷ᠎ᠠ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠮᠠᠰᠢ ᠰᠠᠶᠢᠨ ᠶᠠᠪᠤᠭᠳᠠᠵᠤ᠂ ᠤᠯᠠᠨ ᠢᠶᠠᠷ ᠢᠶᠠᠨ ᠲᠥᠪ ᠴᠢᠩᠭ᠎ᠠ ᠨᠠᠷᠢᠨ ᠬᠢᠨᠠᠮᠠᠭᠠᠢ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠳᠤᠮᠳᠠ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠦᠵᠡᠯ ᠰᠠᠨᠠᠭ᠎ᠠ ᠪᠠᠨ ᠨᠢᠭᠡᠳᠭᠡᠬᠦ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢᠶᠠᠨ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠴᠡᠢ᠃ ᠪᠢᠳᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠣᠷᠣᠨ ᠳᠠᠶᠠᠭᠠᠷ ᠢ ᠨᠡᠩ ᠰᠠᠶᠢᠳᠤᠷ ᠬᠦᠲᠦᠯᠦᠨ ᠲᠠᠭᠠᠭᠤᠯᠵᠤ ᠲᠠᠶᠢᠴᠢᠯᠠᠵᠤ ᠪᠠᠶᠢᠭᠠᠳ ᠬᠤᠶᠠᠷ ᠶᠡᠭᠡ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃    ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠦᠵᠡᠯ ᠰᠠᠨᠠᠭ᠎ᠠ ᠶᠢ ᠰᠤᠷᠤᠯᠴᠠᠬᠤ᠂ ᠦᠨᠡᠨᠴᠢ ᠰᠢᠳᠤᠷᠭᠤ ᠶᠢ ᠴᠣᠭᠴᠠᠯᠠᠬᠤ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠭᠢᠯ ᠵᠢᠷᠦᠬᠡᠨ ᠳᠡᠭᠡᠨ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠭᠦᠯᠵᠦ᠂ ᠡᠭᠦᠨ ᠤ ᠳᠤᠮᠳᠠ ᠠᠴᠠ ᠨᠠᠮᠴᠢ ᠴᠢᠨᠠᠷ ᠤᠨ ᠰᠢᠮ᠎ᠡ ᠲᠡᠵᠢᠭᠡᠯ ᠢ ᠰᠢᠩᠭᠡᠭᠡᠨ ᠠᠪᠴᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠡᠷᠡᠰ ᠪᠡᠶᠡᠯᠡᠭᠦᠯᠬᠦ ᠬᠡᠷᠡᠭᠲᠡᠢ᠃ ᠶᠣᠰᠣ ᠲᠦᠷᠢᠮ ᠢ ᠰᠠᠬᠢᠬᠤ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠᠶᠢᠩᠭᠤ ᠰᠤᠷᠬᠤ ᠬᠢᠴᠢᠶᠡᠯ ᠪᠣᠯᠭᠠᠵᠤ᠂ ᠴᠢᠩᠭ᠎ᠠ ᠪᠤᠲᠠᠲᠠᠢ ᠪᠠᠷ ᠦᠪᠡᠷ ᠢ ᠪᠠᠨ ᠪᠠᠶᠢᠴᠠᠭᠠᠨ ᠦᠪᠡᠷ ᠢ ᠪᠠᠨ ᠲᠥᠪ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠰᠠᠶᠢᠨ ᠤᠳᠤᠷᠢᠳᠤᠭᠴᠢ᠂ ᠰᠠᠶᠢᠨ ᠬᠡᠷᠡᠭᠵᠢᠭᠦᠯᠦᠭᠴᠢ᠂ ᠰᠠᠶᠢᠨ ᠠᠬᠢᠭᠤᠯᠤᠭᠴᠢ ᠪᠣᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠬᠠᠮᠤᠭ ᠤᠨ ᠶᠡᠭᠡ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠬᠠᠮᠤᠭ ᠤᠨ ᠶᠡᠭᠡ ᠤᠯᠤᠰ ᠲᠦᠷᠦ ᠶᠢᠨ ᠡᠭᠦᠷᠭᠡᠯᠡᠯ ᠪᠣᠯᠭᠠᠵᠤ᠂ ᠡᠮᠦᠨ᠎ᠡ ᠨᠢ ᠭᠠᠪᠰᠢᠭᠠᠶᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠦᠷ᠎ᠡ ᠪᠦᠲᠦᠮᠵᠢ ᠭᠠᠷᠭᠠᠨ ᠠᠳᠬᠤᠬᠤ ᠬᠡᠷᠡᠭᠲᠡᠢ᠃ ᠢᠲᠡᠭᠡᠯ ᠵᠣᠷᠢᠭ ᠢᠶᠠᠨ ᠨᠡᠮᠡᠭᠳᠡᠭᠦᠯᠬᠦ᠂ ᠡᠷᠴᠢ ᠵᠣᠷᠢᠭ ᠢᠶᠠᠨ ᠬᠥᠪᠴᠢᠯᠡᠬᠦ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠳᠤᠮᠳᠠ ᠠᠵᠢᠯ ᠬᠢᠵᠦ ᠦᠢᠯᠡᠰ ᠪᠤᠰᠬᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠱᠠᠲᠤᠨ ᠤ ᠬᠢᠨ ᠢ ᠬᠦᠳᠦᠯᠦᠨ ᠳᠠᠭᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠡᠷᠡᠯᠬᠡᠭᠯᠡᠨ ᠲᠡᠮᠡᠴᠡᠵᠦ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠤᠷᠲᠠᠯ ᠢ ᠲᠥᠪ ᠪᠣᠯᠭᠠᠬᠤ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠨᠡᠩ ᠥᠨᠳᠥᠷ ᠪᠠᠷᠢᠮᠵᠢᠶ᠎ᠠ ᠪᠠᠷ ᠨᠠᠮᠴᠢ ᠴᠢᠨᠠᠷ ᠢ ᠴᠢᠩᠳᠠᠯᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠢ ᠴᠢᠩᠳᠠᠯᠠᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠴᠣᠭᠴᠠᠯᠠᠬᠤ ᠬᠡᠷᠡᠭᠲᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号