ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/14
     1 ᠰᠠᠷ᠎ᠠ ᠶᠢᠨ 10 ᠤ ᠡᠳᠤᠷ᠂ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠠᠶᠢᠮᠠᠭ ᠤᠨ ᠲᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠬᠤ ᠶᠢ ᠰᠤᠳᠤᠯᠵᠤ᠂ ︽ᠵᠢᠷᠭᠤᠭᠠᠨ ᠠᠵᠢᠯᠯᠠᠭ᠎ᠠ︾ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠲᠠᠢ ᠭᠠᠷᠳᠠᠴᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠥᠪ ᠶᠣᠰᠣ ᠶᠢ ᠪᠠᠷᠢᠮᠳᠠᠯᠠᠨ ᠰᠢᠨ᠎ᠡ ᠶᠢ ᠡᠭᠦᠳᠴᠦ᠂ ᠪᠦᠬᠦ ᠠᠶᠢᠮᠠᠭ ᠤᠨ ︽ᠨᠢᠭᠡ ᠳᠠᠪᠤ ᠳᠣᠯᠤᠭ᠎ᠠ︾ ᠶᠢᠨ ᠰᠡᠳᠬᠢᠴᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠪᠠᠨ ᠴᠢᠨᠠᠭᠰᠢᠳᠠ ᠨᠠᠷᠢᠯᠢᠭᠵᠢᠭᠤᠯᠵᠤ᠂ ᠪᠠᠲᠤᠯᠠᠭ᠎ᠠ ᠪᠠᠨ ᠴᠢᠩᠭᠠᠳᠬᠠᠵᠤ᠂ ᠳᠡᠮᠵᠢᠯᠭᠡ ᠤᠯᠬᠤ ᠪᠠᠷ ᠴᠢᠷᠮᠠᠶᠢᠵᠤ᠂ ᠬᠤᠷᠳᠤᠴᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号