ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠶᠡᠭᠡ ᠬᠦᠴᠦ ᠣᠷᠣᠭᠤᠯᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠠᠵᠢᠯ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳ᠋ᠢᠩ ᠿᠢ ᠰᠢᠶᠠᠨ ᠤ 6.8 ᠲᠠᠰ ᠤᠨ ᠭᠠᠵᠠᠷ ᠬᠥᠳᠡᠯᠦᠯᠲᠡ ᠶᠢᠨ ᠲᠤᠬᠠᠶ ᠴᠢᠬᠤᠯᠠ ᠵᠢᠭᠠᠪᠤᠷᠢ ᠪᠣᠯᠤᠨ 1 ᠰᠠᠷ᠎ᠠ ᠶᠢᠨ 9 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠭᠠᠵᠠᠷ ᠬᠥᠳᠡᠯᠦᠯᠲᠡ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠡᠳ᠋ ᠪᠣᠳᠠᠰ ᠨᠥᠭᠡᠴᠡᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠳᠤ 2024 ᠣᠨ ᠤ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠪᠠ ᠴᠢᠬᠤᠯᠠ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠴᠢᠩᠭ᠎ᠠ ᠬᠡᠷᠡᠭᠵᠢᠭᠦᠯᠦᠨ᠂ ᠲᠤᠭ᠎ᠠ ᠪᠦᠷᠢᠳᠬᠡᠯ ᠤᠨ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠲᠤᠭ᠎ᠠ ᠪᠦᠷᠢᠳᠬᠡᠯ ᠤᠨ ᠠᠷᠭ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠵᠡᠷᠭᠡ ᠲᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠷᠢᠳᠬᠡᠪᠡᠰᠦ ᠵᠣᠬᠢᠬᠤ ᠶᠢ ᠨᠢ ᠪᠦᠬᠦᠨ ᠢ  ᠪᠦᠷᠢᠳᠭᠡᠵᠦ᠂ ᠪᠦᠬᠦᠨ ᠢ ᠨᠠᠶᠢᠳᠠᠪᠤᠷᠢᠵᠢᠭᠤᠯᠤᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠰᠠᠭᠤᠷᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号