ᠶᠡᠭᠡ ᠬᠤᠷᠠᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 1 ᠰᠠᠷ᠎ᠠ ᠶᠢᠨ 13 ᠤ ᠡᠳᠦᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠭᠰᠠᠨ ᠠᠯᠠᠱᠠ ᠠᠶᠢᠮᠠᠭ ᠤᠨ | ᠲᠥᠯᠥᠭᠡᠯᠡᠭᠴᠢᠳ ᠤᠨ ᠪᠦᠯᠬᠦᠮ ᠤᠨ ᠪᠥᠬᠦ ᠬᠤᠷᠠᠯ ᠪᠠ ᠨᠠᠮ ᠤᠨ ᠭᠡᠰᠢᠭᠦᠨ ᠤ ᠶᠡᠭᠡ ᠬᠤᠷᠠᠯ ᠬᠢᠵᠦ᠂ ᠠᠯᠠᠱᠠ | ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠪᠠ ᠲᠦᠷ ᠴᠠᠭ ᠤᠨ ᠨᠠᠮ ᠤᠨ | ᠡᠭᠦᠷ ᠤᠨ ᠱᠦᠵᠢ᠂ ᠳᠡᠳ᠋ ᠱᠦᠵᠢ ᠶᠢ ᠰᠣᠩᠭᠤᠨ ᠭᠠᠷᠭᠠᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ | ᠬᠤᠸᠠᠩ ᠶᠠ ᠯᠢ ᠬᠤᠷᠠᠯ ᠢ ᠡᠷᠭᠢᠯᠡᠪᠡ᠃ | ᠪᠦᠯᠬᠦᠮ ᠤᠨ ᠬᠤᠷᠠᠯ ᠠᠴᠠ ᠬᠤᠸᠠᠩ ᠶᠠ ᠯᠢ ᠶᠢ ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ | ᠳᠠᠷᠤᠭ᠎ᠠ ᠪᠠᠷ ᠰᠣᠩᠭᠤᠵᠤ᠂ ᠪᠠᠢ ᠬᠠᠢ ᠯᠢᠨ᠂ ᠸᠠᠩ ᠸᠧᠢ ᠳ᠋ᠦᠩ ᠢ ᠠᠯᠠᠱᠠ ᠠᠶᠢᠮᠠᠭ ᠤᠨ ᠲᠥᠯᠥᠭᠡᠯᠡᠭᠴᠢᠳ ᠤᠨ | ᠪᠦᠯᠬᠦᠮ ᠤᠨ ᠳᠡᠳ᠋ ᠳᠠᠷᠤᠭ᠎ᠠ ᠪᠠᠷ ᠰᠣᠩᠭᠤᠪᠠ᠃ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠵᠥᠪᠯᠡᠬᠦ ᠵᠦᠢᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ ︵ᠲᠥᠰᠦᠯ︶᠂ ᠪᠡᠯᠡᠳᠬᠡᠯ ᠬᠤᠷᠠᠯ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ | ᠪᠠᠶᠢᠴᠠᠭᠠᠬᠤ ᠵᠥᠪᠯᠡᠯ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠲᠣᠭᠲᠠᠭᠠᠯ ︵ᠲᠥᠰᠦᠯ︶ ᠢ | ᠬᠦᠢᠴᠡᠳ ᠶᠠᠷᠢᠯᠴᠠᠵᠤ᠂ ᠲᠥᠯᠥᠭᠡᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ᠂ ᠪᠦᠯᠬᠦᠮ ᠢ ᠳᠠᠭᠠᠭᠰᠠᠨ | ᠠᠵᠢᠯᠲᠠᠨ ᠤ ᠬᠠᠷᠢᠭᠤᠴᠠᠯᠭᠠᠲᠠᠨ ᠪᠠ ᠶᠡᠭᠡ ᠬᠤᠷᠠᠯ ᠤᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠨᠠᠮ ᠤᠨ ᠭᠡᠰᠢᠭᠦᠳ ᠤᠨ ᠶᠡᠭᠡ ᠬᠤᠷᠠᠯ ᠠᠴᠠ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠬᠤᠸᠠᠩ ᠶᠠ | ᠯᠢ ᠶᠢ ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠲᠦᠷ ᠴᠠᠭ ᠤᠨ ᠨᠠᠮ ᠤᠨ ᠡᠭᠦᠷ ᠤᠨ | ᠱᠦᠵᠢ ᠪᠠᠷ ᠰᠣᠩᠭᠤᠵᠤ᠂ ᠪᠠᠶ ᠬᠠᠶ ᠯᠢᠨ᠂ ᠸᠠᠩ ᠸᠧᠶ ᠳ᠋ᠦᠩ ᠢ ᠲᠦᠷ ᠴᠠᠭ ᠤᠨ ᠨᠠᠮ ᠤᠨ ᠡᠭᠦᠷ ᠤᠨ ᠳᠡᠳ᠋ | ᠱᠦᠵᠢ ᠪᠠᠷ ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠨᠠᠮ ᠤᠨ ᠭᠡᠰᠢᠭᠦᠨ ᠤ | ᠬᠠᠷᠢᠭᠤᠴᠠᠯᠭᠠᠲᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠡᠯ᠎ᠡ ᠲᠥᠯᠥᠭᠡᠯᠡᠭᠴᠢᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠲᠤ | ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠷ ᠶᠡᠭᠡ | ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠳᠤ ᠬᠢᠨᠠᠮᠠᠭᠠᠶ ᠣᠷᠣᠯᠴᠠᠵᠤ᠂ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠭᠡᠵᠦ᠂ ᠨᠢᠭᠡ ᠭᠤᠤᠯ ᠰᠢᠵᠢᠮ ᠳᠤ ᠠᠩᠬᠠᠷᠤᠯ ᠢᠶᠠᠨ | ᠲᠥᠪᠯᠡᠷᠡᠭᠦᠯᠦᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠭᠦᠨᠵᠡᠭᠡᠶᠢᠷᠡᠭᠦᠯᠦᠨ᠂ ︽ᠵᠢᠷᠭᠤᠭᠠᠨ ᠠᠵᠢᠯᠯᠠᠭ᠎ᠠ︾ ᠶᠢ ᠠᠳᠬᠤᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠡᠯ᠎ᠡ | ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ | ᠳᠣᠮᠳᠠ ᠳᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠤᠪᠢ ᠨᠡᠮᠡᠷᠢ ᠶᠢ ᠦᠵᠡᠭᠦᠯᠬᠦ | ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠭᠡ ᠬᠤᠷᠠᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠳᠡᠭᠡᠷ᠎ᠡ ᠨᠢᠭᠡᠳᠬᠡᠵᠦ᠂ ᠴᠢᠩᠭ᠎ᠠ ᠨᠢᠮᠪᠠᠢ | ᠪᠣᠳᠠᠲᠠᠢ ᠶᠢ ᠡᠷᠬᠢᠮᠯᠡᠬᠦ᠂ ᠦᠨᠡᠨ ᠠᠴᠠ ᠵᠥᠪ ᠢ ᠡᠷᠢᠬᠦ ᠰᠤᠷᠲᠠᠯ ᠢ ᠪᠠᠷᠢᠮᠲᠠᠯᠠᠵᠤ᠂ ᠵᠥᠪᠯᠡᠯᠭᠡ ᠰᠠᠨᠠᠭᠤᠯᠭ᠎ᠠ ᠶᠢ | ᠣᠨᠣᠪᠴᠢᠲᠠᠢ ᠰᠠᠶᠢᠲᠤᠷ ᠳᠤᠷᠠᠳᠴᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠪᠠᠨ ᠡᠷᠭᠦᠵᠦ᠂ ᠠᠯᠠᠱᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠦᠷᠦᠭᠦᠯᠡᠨ ᠰᠠᠬᠢᠯᠭ᠎ᠠ ᠪᠠᠲᠤ ᠶᠣᠰᠣ | ᠲᠦᠷᠢᠮ ᠢ ᠴᠢᠩᠭ᠎ᠠ ᠰᠠᠬᠢᠵᠤ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠡᠷᠡᠰ | ᠰᠠᠬᠢᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠤᠷᠠᠯ ᠢ | ᠨᠠᠷᠢᠨ ᠬᠢᠨᠠᠮᠠᠭᠠᠶ ᠰᠠᠶᠢᠲᠤᠷ ᠬᠤᠷᠠᠯᠳᠤᠭᠤᠯᠵᠤ᠂ ᠠᠯᠠᠱᠠ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠰᠠᠶᠢᠨ | ᠰᠠᠶᠢᠬᠠᠨ ᠳᠦᠷᠢ ᠲᠥᠷᠬᠦ ᠶᠢ ᠰᠠᠶᠢᠲᠤᠷ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |