1 ᠰᠠᠷ᠎ᠠ ᠶᠢᠨ 13 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠤᠷᠢᠶ᠎ᠠ ᠶᠢᠨ ᠭᠤᠷᠪᠠᠳᠤᠭᠠᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠨ ᠪᠠᠶᠠᠷ | ᠬᠦᠷᠭᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ | ᠣᠷᠣᠯᠴᠠᠨ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠡᠮᠦᠨ᠎ᠠ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠸᠧᠶ ᠳ᠋ᠦᠩ | ᠡᠬᠢᠯᠡᠯᠲᠡ ᠶᠢᠨ ᠶᠡᠭᠡ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠯᠦᠸᠧ ᡁᠢ ᠬᠤ᠋᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ | ᠴᠧᠩ᠂ ᠶᠠᠩ ᠵᠢᠶᠧ᠂ ᠰᠦᠨ ᠵᠢᠶᠦ᠋ᠨ ᠴᠢᠩ ᠪᠣᠯᠤᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ | ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠦᠭᠦᠳ ᠲᠤ ᠪᠠᠰᠠ᠄ ᠯᠢᠦ ᠱᠤᠸᠠᠩ᠂ ᠪᠦᠦ | ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠤᠤ ᠺᠠᠩ᠂ ᠬᠤᠸᠠᠩ ᡁᠢ | ᠴᠢᠶᠠᠩ᠂ ᠯᠢ ᠢᠦᠢ ᠭᠠᠩ᠂ ᠬᠦᠤᠳᠠᠭᠤᠯᠠ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ | ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠴᠢ᠊ ᠪᠠᠲᠤ᠂ ᠪᠦᠦ ᠰᠢᠶᠠᠨ ᠬᠤᠸᠠ᠂ ᠶᠤᠤ | ᠶᠦᠩ ᠪᠥᠸᠧ᠂ ᠳᠠᠶᠢᠴᠢᠨ᠂ ᠶᠠᠩ ᠭᠦᠸᠧ ᠠᠨ᠂ ᠴᠧᠨ ᠯᠦ ᠱᠧᠩ᠂ ᠵᠠᠩ ᠵᠢᠶᠦ᠋ᠨ ᠨᠡᠷ ᠪᠤᠢ᠃ | ᠲᠤᠰ ᠤᠳᠠᠭ᠎ᠠ ᠶᠢᠨ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 523 ᠬᠥᠮᠦᠨ᠂ ᠬᠤᠷᠠᠯ ᠳᠤ 491 | ᠬᠥᠮᠦᠨ ᠤᠷᠤᠯᠴᠠᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃ | ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ | ᠪᠠᠲᠤᠯᠠᠪᠠ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠤᠨ | ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠨ ᠪᠣᠯᠤᠨ | ᠬᠤᠷᠠᠯ ᠳᠤ ᠣᠷᠣᠯᠴᠠᠭᠰᠠᠨ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ | ᠥᠩᠭᠡᠷᠡᠭᠰᠡᠨ ᠨᠢᠭᠡ ᠵᠢᠯ ᠪᠣᠯ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ | ᠰᠢᠨ᠎ᠡ ᠶᠢ ᠡᠭᠦᠳᠦᠨ ᠬᠥᠭᠵᠢᠭᠰᠡᠨ ᠨᠢᠭᠡ ᠵᠢᠯ ᠪᠣᠯᠤᠨ᠎ᠠ᠂ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ ᠶᠢᠨ | ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠢ ᠨᠢᠭᠡ ᠰᠡᠳᠭᠢᠯ ᠨᠢᠭᠡ ᠴᠢᠭᠯᠡᠯ ᠢᠶᠠᠷ᠂ ᠲᠠᠭᠤᠨ ᠨᠢᠬᠡᠳᠡᠢ | ᠠᠯᠬᠤᠭ᠎ᠠ ᠢᠵᠢᠯ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠳᠣᠣᠱᠯᠠᠭᠤᠯᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠤᠰᠢᠶᠠᠯ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠭᠡᠵᠤ᠂ ᠤᠯᠤᠰ ᠲᠥᠷᠥ ᠶᠢᠨ ᠵᠢᠯᠣᠭᠤᠳᠣᠯᠭ᠎ᠠ ᠶᠢ ᠰᠢᠨ᠎ᠡ ᠶᠢ ᠡᠬᠦᠳᠦᠨ ᠴᠢᠩᠭᠠᠳᠬᠠᠵᠤ᠂ ᠶᠡᠭᠡ | ᠲᠠᠯ᠎ᠠ ᠳᠤ ᠦᠢᠯᠡᠴᠢᠯᠡᠬᠦ ᠠᠵᠢᠯ ᠰᠢᠨ᠎ᠡ ᠦᠷ᠎ᠡ ᠪᠦᠲᠦᠮᠵᠢ ᠲᠠᠢ ᠪᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠲᠠᠯ᠎ᠠ ᠪᠠᠷ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠳᠤ ᠰᠢᠨ᠎ᠡ | ᠳᠦᠷᠰᠦ ᠪᠠᠶᠢᠳᠠᠯ ᠢᠯᠡᠷᠡᠪᠡ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠪᠠᠶᠢᠭᠤᠯᠭ᠎ᠠ ᠠᠴᠠ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠵᠢᠯᠴᠠᠭ᠎ᠠ ᠳᠤ ᠬᠦᠴᠦᠨ ᠨᠡᠮᠡᠷᠢᠯᠡᠬᠦ ᠠᠵᠢᠯ | ᠲᠠᠰᠤᠷᠠᠯᠲᠠ ᠥᠬᠡᠶ ᠭᠦᠨᠵᠡᠭᠡᠶᠢᠷᠡᠨ ᠥᠷᠭᠡᠵᠢᠵᠤ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠪᠠ | ︽ᠳᠥᠷᠪᠡᠨ ᠵᠦᠢᠯ ᠤᠨ ᠠᠵᠢᠯᠯᠠᠭ᠎ᠠ︾ ᠶᠢ ᠠᠬᠢᠭᠤᠯᠤᠨ ᠦᠯᠡᠮᠵᠢ ᠦᠷ᠎ᠡ ᠪᠦᠲᠦᠭᠡᠯ ᠤᠯᠵᠤ᠂ ᠪᠥᠬᠦ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠵᠡᠢ ᠬᠡᠪᠡ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ | ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠬᠢᠨ ᠠᠵᠠ ᠲᠣᠬᠢᠶᠠᠯ ᠢ ᠠᠮᠵᠢᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠡᠯ᠎ᠡ ᠵᠦᠢᠯ ᠤᠨ ᠠᠵᠢᠯ ᠦᠢᠯᠡᠰ ᠬᠥᠮᠦᠰ ᠢ ᠵᠣᠷᠢᠭᠵᠢᠭᠤᠯᠤᠬᠰᠠᠨ ᠬᠢᠷᠢ ᠪᠦᠲᠦᠮᠵᠢ ᠣᠯᠵᠤ᠂ ᠠᠵᠤ | ᠠᠬᠤᠢ ᠶᠢᠨ ᠬᠥᠭᠵᠢᠯᠲᠡ ᠰᠢᠨ᠎ᠡ ᠠᠯᠬᠤᠮ ᠠᠯᠬᠤᠵᠤ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ | ᠰᠠᠶᠢᠨ ᠪᠠᠶᠢᠳᠠᠯ ᠢᠶᠠᠨ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠳᠡ ᠰᠢᠪᠲᠤᠯᠬᠤ | ᠲᠠᠯ᠎ᠠ ᠪᠠᠷ ᠬᠤᠷᠳᠤᠴᠠ ᠪᠠᠨ ᠲᠦᠷᠭᠡᠳᠭᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠲᠠᠯ᠎ᠠ ᠪᠠᠷ ᠲᠦᠷᠬᠡᠨ | ᠬᠦᠭᠵᠢᠯᠳᠠ ᠶᠢᠨ ᠵᠠᠮ ᠳᠤ ᠣᠷᠣᠵᠤ᠂ ᠤᠮᠠᠷᠠᠲᠤ ᠬᠢᠯᠢ ᠶᠢᠨ ᠰᠣᠶᠣᠯ ᠰᠢᠨ᠎ᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ | ᠢᠷᠡᠭᠡᠳᠦᠢ ᠶᠢ ᠢᠯᠡᠷᠡᠭᠦᠯᠪᠡ᠃ ᠡᠯ᠎ᠡ ᠱᠠᠲᠤᠨ ᠤ ᠤᠯᠤᠰ ᠲᠥᠷᠤ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠬᠢᠯᠪᠠᠷ ᠪᠤᠰᠤ ᠪᠠᠷ ᠣᠯᠤᠭᠰᠠᠨ ᠰᠠᠶᠢᠨ ᠬᠢᠷᠢ | ᠪᠦᠲᠦᠮᠵᠢ ᠰᠠᠶᠢᠨ ᠪᠠᠶᠢᠳᠠᠯ ᠢ ᠬᠤᠪᠢ ᠲᠠᠬᠢᠨ ᠨᠠᠨᠳᠢᠩᠨᠠᠵᠤ᠂ ᠵᠥᠪᠯᠡᠯᠭᠡ ᠬᠢᠬᠦ ᠪᠠᠷ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠪᠠᠷ ᠪᠦᠯᠬᠦᠮᠳᠡᠯ ᠢ ᠪᠠᠬᠢᠵᠢᠭᠦᠯᠬᠦ᠂ ᠪᠦᠯᠬᠦᠮᠳᠡᠯ ᠢᠶᠠᠷ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠭᠢᠯ ᠢ ᠨᠢᠭᠲᠠᠷᠠᠭᠤᠯᠬᠤ᠂ | ᠬᠥᠮᠦᠰ ᠤᠨ ᠰᠡᠳᠭᠢᠯ ᠢ ᠳᠤᠯᠠᠭᠠᠴᠠᠭᠤᠯᠬᠤ᠂ ᠰᠡᠳᠭᠢᠯ ᠢ ᠨᠢᠭᠡᠳᠭᠡᠬᠦ ᠳᠡᠭᠡᠷ᠎ᠡ ᠢᠯᠡᠭᠦᠬᠡᠨ ᠬᠦᠴᠦ ᠲᠠᠯᠪᠢᠵᠤ᠂ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠬᠠᠮᠵᠢᠨ ᠲᠥᠷᠤ ᠶᠢᠨ ᠪᠤᠳᠤᠯᠭ᠎ᠠ ᠶᠢ ᠤᠬᠠᠭᠤᠯᠬᠤ᠂ | ᠡᠷᠡᠭᠡᠯᠵᠡᠭᠡ ᠶᠢ ᠠᠯᠳᠠᠷᠠᠭᠠᠨ ᠮᠠᠳᠠᠭ ᠲᠠᠢ ᠵᠦᠢᠯ ᠢ ᠲᠠᠶᠢᠯᠪᠤᠷᠢᠯᠠᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ | ᠰᠠᠶᠢᠲᠤᠷ ᠬᠢᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠬᠠᠮᠳᠤᠷᠠᠯ ᠬᠦᠴᠦᠨ ᠢ | ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠨᠢᠭᠡ ᠭᠤᠤᠯ ᠰᠢᠵᠢᠮ ᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ | ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠣᠯ ᠣᠷᠣᠨ ᠲᠠᠶᠠᠭᠠᠷ ᠤᠨ ᠬᠠᠮᠲᠤ ᠶᠢᠨ ᠡᠭᠦᠷᠭᠡ ᠪᠣᠯᠬᠤ ᠶᠢ | ᠭᠦᠨᠵᠡᠭᠡᠶ ᠲᠠᠨᠢᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ | ᠴᠤᠭᠯᠠᠷᠠᠬᠰᠠᠨ᠂ ᠣᠶᠤᠨ ᠤᠬᠠᠭᠠᠨ ᠲᠦᠪᠯᠡᠷᠡᠭᠰᠡᠨ᠂ ᠬᠠᠷᠢᠯᠴᠠᠭ᠎ᠠ ᠥᠷᠭᠡᠨ ᠳᠡᠯᠭᠡᠷ ᠵᠡᠷᠭᠡ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠤᠨᠤᠴᠠᠳᠠᠢ ᠵᠦᠪᠯᠡᠯᠭᠡ ᠬᠢᠵᠤ ᠲᠥᠷᠥ ᠶᠢᠨ ᠶᠠᠪᠤᠳᠠᠯ ᠢ ᠵᠥᠪᠯᠡᠵᠦ᠂ ︽ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠤᠨ ᠴᠢᠳᠠᠯ ᠢ ᠨᠡᠮᠡᠷᠢᠯᠡᠬᠦ︾ ᠶᠢ | ᠭᠦᠨᠵᠡᠭᠡᠶᠢᠷᠡᠬᠦᠯᠦᠨ ᠠᠬᠢᠭᠤᠯᠵᠤ᠂ ᠡᠯ᠎ᠡ ᠡᠲᠡᠭᠡᠳ ᠢᠯᠭᠠᠯ ᠢ ᠵᠣᠬᠢᠶᠠᠨ ᠪᠠᠶᠢᠭᠤᠯᠵᠤ ᠪᠠᠶᠢᠳᠠᠯ ᠪᠠ ᠡᠭᠦᠷᠭᠡ ᠶᠢᠨ | ᠲᠣᠭᠤᠷᠢᠨ ᠳᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠭᠤᠤᠯ ᠠᠵᠢᠯ ᠤᠨ ᠲᠣᠭᠤᠷᠢᠨ ᠳᠤ | ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠯᠢᠳᠡᠭ ᠬᠢᠷᠢ ᠪᠦᠳᠦᠮᠵᠢ ᠪᠦᠬᠦᠢ | ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠳᠠ ᠶᠢᠨ ᠬᠠᠭᠤᠳᠠᠰᠤ︾ ᠶᠢ ᠴᠢᠷᠮᠠᠶᠢᠨ ᠲᠤᠰᠢᠶᠠᠬᠤ ᠭᠡᠷᠡᠭᠳᠠᠢ᠃ | ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠬᠢᠨᠠᠯᠲᠠ ᠲᠠᠯᠪᠢᠬᠤ ᠠᠷᠭ᠎ᠠ | ᠬᠡᠯᠪᠡᠷᠢ ᠪᠠᠨ ᠰᠠᠶᠢᠵᠢᠷᠠᠭᠤᠯᠵᠤ᠂ ᠬᠢᠨᠠᠯᠲᠠ ᠲᠠᠯᠪᠢᠬᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃ | ᠰᠦᠨ ᠱᠤᠤ ᠴᠧᠩ᠂ ᠤᠯᠤᠰ ᠲᠦᠷᠦ ᠶᠢᠨ ᠵᠥᠪᠯᠡᠯᠭᠡᠨ ᠤ ᠠᠵᠢᠯ ᠪᠣᠯ ᠨᠠᠮ ᠤᠨ ᠠᠵᠢᠯ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ | ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠶᠢ ᠢᠮᠠᠭᠲᠠ ᠴᠢᠬᠤᠯᠠᠴᠢᠯᠠᠵᠤ᠂ ᠬᠠᠯᠠᠮᠵᠢᠯᠠᠨ | ᠳᠡᠮᠵᠢᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠬᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ | ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠵᠠᠩ ᠶᠠᠨ ᠺᠦᠨ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠵᠢᠯᠤᠭᠤᠳᠤᠯᠭ᠎ᠠ | ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠤᠤᠷ᠎ᠠ᠂ ᠨᠠᠮ ᠤᠨ | ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠵᠤ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠤᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠠᠵᠢᠯ ᠢ ᠤᠬᠠᠭᠠᠯᠠᠨ ᠲᠦᠯᠦᠪᠯᠡᠵᠤ ᠠᠬᠢᠭᠤᠯᠤᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠴᠤ᠂ ᠪᠦᠯᠬᠦᠮᠳᠡᠨ ᠤᠷᠤᠭᠰᠢᠯᠠᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠡᠯ᠎ᠡ ᠵᠦᠢᠯ ᠤᠨ ᠠᠵᠢᠯ ᠰᠢᠨ᠎ᠡ | ᠦᠷ᠎ᠡ ᠪᠦᠲᠦᠮᠵᠢ ᠤᠯᠵᠠᠢ ᠭᠡᠪᠡ᠃ | ᠵᠠᠩ ᠶᠠᠨ ᠺᠦᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠣᠯᠤᠨ᠎ᠠ᠂ ᠮᠦᠨ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠦᠨ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠤᠨ᠂ ᠭᠤᠤᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠵᠦ᠂ | ᠭᠤᠤᠯ ᠠᠵᠢᠯ ᠳᠤ ᠣᠷᠣᠯᠴᠠᠨ᠂ ᠬᠥᠭᠵᠢᠯᠲᠡ ᠳᠤ ᠬᠦᠴᠦᠨ ᠨᠡᠮᠡᠷᠢᠯᠡᠵᠦ᠂ ᠭᠤᠤᠯ ᠠᠵᠢᠯ ᠲᠠᠢ ᠠᠭᠤᠰᠤᠯᠴᠠᠨ᠂ | ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠨᠢᠭᠡ ᠭᠤᠤᠯ ᠰᠢᠵᠢᠮ ᠢ | ᠳᠣᠣᠱᠯᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠦ᠂ | ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠤᠨ᠎ᠠ᠃ ︽ᠲᠠᠪᠤᠨ ᠶᠡᠭᠡ ᠡᠭᠦᠷᠭᠡ︾ ᠶᠢ ᠭᠦᠨᠵᠡᠭᠡᠶ ᠨᠠᠶᠢᠳᠠᠪᠤᠷᠢᠵᠢᠭᠤᠯᠬᠤ᠂ ︽ᠵᠢᠷᠭᠤᠭᠠᠨ | ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠬᠦ᠂ ︽ᠵᠢᠷᠭᠤᠭᠠᠨ ᠠᠵᠢᠯᠯᠠᠭ᠎ᠠ︾ ᠶᠢ ᠪᠦᠲᠦᠮᠵᠢᠲᠡᠶ ᠬᠡᠷᠡᠭᠵᠢᠭᠦᠯᠬᠦ᠂ | ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢ | ᠨᠡᠮᠡᠷᠢᠯᠡᠬᠦ︾ ᠵᠡᠷᠭᠡ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠬᠤᠪᠢ ᠨᠡᠮᠡᠷᠢ ᠶᠢ ᠦᠵᠡᠭᠦᠯᠦᠨ᠎ᠡ᠃ ᠲᠠᠪᠤᠨ ᠵᠦᠢᠯ ᠤᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢ ᠨᠢᠭᠡᠳᠭᠡᠨ ᠰᠦᠭ | ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ | ᠴᠣᠭᠴᠠᠯᠠᠨ᠎ᠠ︔ ᠬᠤᠶᠠᠷ ᠲᠤ᠂ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠷᠭ᠎ᠠ ᠤᠬᠠᠭᠠᠨ ᠭᠠᠷᠭᠠᠨ ᠵᠠᠰᠠᠭ ᠲᠤ | ᠲᠤᠰᠠᠯᠠᠬᠤ ᠶᠢ ᠪᠠᠷᠢᠮᠳᠠᠯᠠᠨ᠎ᠠ︔ ᠭᠤᠷᠪᠠ ᠳᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠪᠦᠯᠬᠦᠮᠳᠡᠯ ᠢ | ᠠᠬᠢᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠪᠢᠴᠢᠭᠯᠡᠬᠦ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠴᠢᠷᠮᠠᠶᠢᠨ ᠵᠢᠷᠤᠭᠯᠠᠨ᠎ᠠ︔ | ᠲᠦᠷᠪᠡ ᠳᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ | ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ | ᠲᠦᠪᠰᠢᠨ ᠢᠶᠠᠨ ᠳᠡᠭᠡᠭᠰᠢᠯᠡᠭᠦᠯᠦᠨ᠎ᠠ︔ ᠲᠠᠪᠤ ᠳᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ ᠬᠡᠪᠡ᠃ | ᠴᠡᠴᠡᠭ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠤᠩᠭᠤᠯ ᠤᠨ | ᠥᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ | ᠮᠡᠳᠡᠭᠦᠯᠪᠡ᠃ | ᠵᠠᠩ ᠶᠦᠩ ᠴᠢᠶᠠᠩ᠂ ᠯᠢᠩ ᠶᠦᠨ᠂ ᠬᠤᠸᠠᠩ ᠱᠤᠸᠠᠩ ᠶᠠᠨ᠂ ᠶᠠᠩ ᠵᠢᠢ ᠫᠧᠩ᠂ ᠴᠧᠨ ᠬᠣ᠋ ᠨᠠᠨ᠂ ᠶᠤᠸᠠᠢ | ᠶᠠᠨ ᠮᠧᠢ ᠵᠡᠷᠭᠡ 6 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ | ᠬᠤᠷᠠᠯ ᠳᠤ ᠰᠤᠯᠠ ᠣᠷᠣᠯᠴᠠᠪᠠ᠃ |