1 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠯᠡᠳᠭᠡᠯ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠪᠡ᠃ ᠯᠢᠨ ᠱᠤᠤ | ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ | ᠯᠢ ᠪᠢᠩ ᠷᠦᠩ᠂ ᠡᠤ ᠶᠠᠨ ᠭᠠᠩ᠂ ᠸᠠᠨ ᠴᠤᠤ ᠴᠢ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠦᠨ ᠪᠣᠶ᠂ ᠪᠡᠯᠡᠳᠭᠡᠯ ᠬᠤᠷᠠᠯ ᠳᠤ | 501 ᠬᠦᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠡᠯ᠎ᠡ ᠵᠦᠢᠯ ᠤᠨ ᠠᠵᠢᠯ ᠪᠡᠯᠡᠬᠡᠨ ᠪᠤᠯᠵᠤ᠂ | ᠶᠡᠭᠡ ᠬᠤᠷᠠᠯ ᠲᠣᠭᠲᠠᠭᠰᠠᠨ ᠬᠤᠭᠤᠴᠠᠭᠠᠨ ᠳᠠᠭᠠᠨ ᠬᠤᠷᠠᠯᠳᠤᠬᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠪᠣᠯ ᠣᠷᠣᠨ ᠳᠠᠶᠠᠭᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ ᠪᠠᠶᠢᠭ᠎ᠠ ᠵᠠᠩᠭᠢᠯᠠᠭ᠎ᠠ ᠶᠢᠨ ᠴᠠᠭ ᠮᠦᠴᠡ ᠳᠤ ᠬᠤᠷᠠᠯᠳᠤᠬᠤ ᠨᠢᠭᠡ ᠤᠳᠠᠭ᠎ᠠ ᠶᠢᠨ ᠮᠠᠰᠢ | ᠴᠢᠬᠤᠯᠠ ᠬᠤᠷᠠᠯ ᠪᠠᠶᠢᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ | ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ ᠮᠦᠨ᠃ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠲᠤᠷ | ᠬᠤᠷᠠᠯᠳᠤᠭᠤᠯᠬᠤ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠬᠦᠴᠦᠨ ᠴᠢᠳᠠᠯ ᠢᠶᠠᠨ | ᠨᠢᠭᠲᠠᠷᠠᠭᠤᠯᠤᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠰᠡᠳᠭᠢᠯ | ᠨᠢᠭᠡᠳᠦᠨ ᠬᠦᠴᠦ ᠪᠠᠨ ᠬᠠᠮᠲᠤᠳᠬᠠᠵᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ | ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ | ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠭᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠨᠢᠭᠡ ᠭᠤᠤᠯ | ᠰᠢᠵᠢᠮ ᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠭᠤᠤᠯ ᠠᠵᠢᠯ ᠶᠡᠭᠡ ᠲᠠᠯ᠎ᠠ ᠲᠠᠢ | ᠨᠢᠭᠲᠠ ᠤᠶᠠᠯᠳᠤᠭᠤᠯᠤᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ | ᠤᠷᠢᠶᠠᠯᠠᠵᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ | ᠨᠢᠭᠲᠠᠷᠠᠭᠤᠯᠤᠨ ᠪᠦᠯᠬᠦᠮᠳᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ | ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠤᠯᠤᠨ᠎ᠠ᠃ | ᠬᠤᠷᠠᠯ ᠠᠴᠠ᠂ ᠲᠥᠯᠥᠭᠡᠯᠡᠭᠴᠢᠳ ᠶᠡᠭᠡ ᠬᠤᠷᠠᠯ ᠤᠨ ᠵᠢᠯᠣᠭᠤᠳᠬᠤ ᠦᠵᠡᠯ ᠰᠠᠨᠠᠭ᠎ᠠ ᠶᠣᠰᠣᠭᠠᠷ᠂ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ | ᠨᠢᠭᠡᠳᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ | ᠨᠢᠭᠡᠳᠭᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠭᠢᠯᠭᠡ ᠪᠠ ᠡᠬᠦᠷᠬᠡᠳᠤ | ᠰᠡᠳᠬᠢᠯᠬᠡ ᠪᠠᠷ ᠡᠯ᠎ᠡ ᠵᠦᠢᠯ ᠤᠨ ᠵᠥᠪᠯᠡᠬᠦ ᠰᠡᠳᠦᠪ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠦᠨᠳᠦᠰᠦᠨ ᠬᠠᠤᠯᠢ | ᠪᠣᠯᠤᠨ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ᠂ | ᠬᠠᠮᠲᠤ ᠪᠠᠷ ᠴᠢᠷᠮᠠᠶᠢᠵᠤ ᠡᠨᠡ ᠤᠳᠠᠭ᠎ᠠ ᠶᠢᠨ ᠬᠤᠷᠠᠯ ᠢ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ | ᠪᠣᠳᠠᠲᠠᠢ ᠶᠢ ᠡᠷᠬᠢᠮᠯᠡᠨ ᠡᠷᠡᠮᠡᠬᠡᠶᠢᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠵᠤ᠂ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ | ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠳᠤ | ᠲᠣᠬᠢᠷᠠᠭᠤᠯᠤᠯᠲᠠ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠬᠤᠷᠠᠯ ᠤᠨ | ᠲᠣᠭᠲᠠᠭᠠᠯ ᠢ ᠪᠠᠲᠤᠯᠠᠪᠠ᠃ |