ᠬᠤᠶᠠᠷᠬᠤᠳᠳᠤᠭ ᠤᠨ ᠬᠦᠳᠡᠭᠡ ᠶᠢᠨ ᠬᠠᠳᠤᠨ ᠭᠤᠣᠯ ᠤᠨ ᠥᠨᠳᠥᠷ ᠡᠷᠭᠦᠴᠡ ᠶᠢᠨ ᠤᠰᠤᠯᠠᠯᠲᠠ ᠶᠢᠨ ᠢᠨᠵᠧᠨᠧᠷᠢᠩ 30 ᠵᠢᠯ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠦ 11.58 ᠲᠦᠮᠡᠨ ᠮᠦ ᠳᠠᠷᠢᠶᠠᠨ ᠭᠠᠵᠠᠷ ᠲᠤ ᠳᠤᠰᠤᠯᠭᠠᠨ ᠤᠰᠤᠯᠠᠬᠤ ᠶᠢ ᠪᠦᠷᠬᠦᠬᠦᠯᠵᠡᠢ
ᠨᠡᠶᠢᠲᠡᠯᠡᠭᠰᠡᠨ ᠴᠠᠭ᠄
2025/1/15
    2024 ᠣᠨ ᠳᠤ ᠬᠤᠶᠠᠷᠬᠤᠳᠳᠤᠭ ᠤᠨ ᠬᠦᠳᠡᠭᠡ ᠶᠢᠨ ᠬᠠᠲᠤᠨ ᠭᠤᠤᠯ ᠤᠨ ᠥᠨᠳᠥᠷ ᠡᠷᠭᠦᠴᠡ ᠶᠢᠨ ᠤᠰᠤᠯᠠᠯᠲᠠ ᠶᠢᠨ ᠦᠢᠯᠡᠰ ᠢ ᠬᠦᠭᠵᠢᠬᠦᠯᠬᠦ ᠲᠥᠪ ᠢ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠠᠴᠠ ︽ᠪᠦᠬᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ︾ ᠪᠠᠷ ᠦᠨᠡᠯᠡᠪᠡ᠃ ᠬᠤᠶᠠᠷᠬᠤᠳᠳᠤᠭ ᠤᠨ ᠬᠦᠳᠡᠭᠡ ᠶᠢᠨ ᠬᠠᠳᠤᠨ ᠭᠤᠣᠯ ᠤᠨ ᠥᠨᠳᠥᠷ ᠡᠷᠭᠦᠴᠡ ᠶᠢᠨ ᠤᠰᠤᠯᠠᠯᠲᠠ ᠶᠢᠨ ᠢᠨᠵᠧᠨᠧᠷᠢᠩ 30 ᠵᠢᠯ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠦ᠂ ᠤᠰᠤᠯᠠᠯᠲᠠ ᠶᠢᠨ ᠣᠷᠣᠨ ᠤ 11.58 ᠲᠦᠮᠡᠨ ᠮᠦ ᠳᠠᠷᠢᠶᠠᠨ ᠭᠠᠵᠠᠷ ᠲᠤ ᠤᠰᠤ ᠠᠷᠪᠢᠯᠠᠬᠤ ᠳᠤᠰᠤᠯᠭᠠᠨ ᠤᠰᠤᠯᠠᠯᠳᠠ ᠶᠢ ᠪᠦᠷᠬᠦᠬᠦᠯᠵᠡᠢ᠃    ᠬᠠᠳᠤᠨ ᠭᠤᠣᠯ ᠤᠨ ᠥᠨᠳᠥᠷ ᠡᠷᠭᠦᠴᠡ ᠶᠢᠨ ᠤᠰᠤᠯᠠᠯᠲᠠ ᠶᠢᠨ ᠢᠨᠵᠧᠨᠧᠷᠢᠩ ᠤᠨ ᠪᠣᠳᠠᠲᠤ ᠦᠵᠡᠮᠵᠢ ᠶᠢᠨ ᠵᠠᠭᠪᠤᠷ ᠳᠡᠭᠡᠷ᠎ᠡ᠂ ᠠᠳᠠᠯᠢ ᠪᠤᠰᠤ ᠤᠰᠤ ᠳᠠᠮᠵᠢᠭᠤᠯᠬᠤ ᠱᠤᠭᠤᠮ ᠨᠢ ᠤᠰᠤᠯᠠᠯᠲᠠ ᠶᠢᠨ ᠣᠷᠣᠨ ᠲᠡᠶᠢᠰᠢ ᠬᠡᠰᠡᠭ ᠳᠠᠷᠠᠭᠠᠯᠠᠨ ᠰᠤᠨᠤᠵᠤ᠂ ᠡᠯ᠎ᠡ ᠬᠥᠭᠡᠷᠭᠡ ᠶᠢᠨ ᠥᠷᠲᠡᠭᠡ᠂ ᠭᠤᠣᠯ ᠰᠤᠪᠠᠭ᠂ ᠰᠠᠯᠪᠤᠷᠢ ᠰᠤᠪᠠᠭ᠂ ᠤᠰᠤ ᠣᠷᠣᠭᠤᠯᠬᠤ ᠠᠮᠠᠰᠠᠷ ᠤᠨ ᠪᠠᠶᠢᠷᠢ ᠪᠣᠯᠤᠨ ᠪᠠᠶᠢᠳᠠᠯ ᠨᠢ ᠲᠣᠳᠣᠷᠬᠠᠶ ᠬᠠᠷᠠᠭᠳᠠᠨ᠎ᠠ᠃ 1991 ᠣᠨ ᠳᠤ ᠬᠤᠶᠠᠷᠬᠤᠳᠳᠤᠭ ᠤᠨ ᠬᠦᠳᠡᠭᠡ ᠶᠢᠨ ᠬᠠᠳᠤᠨ ᠭᠤᠣᠯ ᠤᠨ ᠥᠨᠳᠥᠷ ᠡᠷᠭᠦᠴᠡ ᠶᠢᠨ ᠤᠰᠤᠯᠠᠯᠲᠠ ᠶᠢᠨ ᠢᠨᠵᠧᠨᠧᠷᠢᠩ ᠢ ᠡᠬᠢᠯᠡᠨ ᠪᠠᠶᠢᠭᠤᠯᠵᠤ᠂ 400 ᠭᠠᠷᠤᠢ ᠪᠦᠲᠦᠭᠡᠨ ᠪᠠᠶᠢᠭᠤᠯᠤᠭᠴᠢ ᠭᠤᠪᠢ ᠬᠦᠳᠡᠭᠡ ᠳᠤ ᠶᠡᠷᠦᠩᠬᠡᠢ ᠡᠷᠭᠦᠴᠡ ᠪᠠᠷ 238 ᠮᠧᠲᠷ᠂ ᠤᠰᠤ ᠳᠠᠮᠵᠢᠭᠤᠯᠬᠤ ᠭᠤᠣᠯ ᠰᠤᠪᠠᠭ ᠤᠨ ᠤᠷᠳᠦ 44 ᠺᠢᠯᠣᠮᠧᠲᠷ ᠪᠤᠯᠬᠤ ᠪᠦᠲᠦᠭᠡᠨ ᠪᠠᠶᠢᠭᠤᠯᠤᠯᠲᠠ ᠶᠢ ᠡᠬᠢᠯᠡᠬᠦᠯᠵᠡᠢ᠃    30 ᠭᠠᠷᠤᠶ ᠵᠢᠯ ᠤᠨ ᠲᠤᠷᠰᠢ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠬᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠥᠨᠳᠥᠷ ᠡᠷᠭᠦᠴᠡ ᠶᠢᠨ ᠤᠰᠤᠯᠠᠯᠲᠠ ᠶᠢᠨ ᠢᠨᠵᠧᠨᠧᠷᠢᠩ ᠤᠨ ᠲᠣᠮᠣ ᠬᠡᠯᠪᠡᠷᠢ ᠶᠢᠨ ᠬᠥᠭᠡᠷᠭᠡ ᠶᠢᠨ ᠥᠷᠲᠡᠭᠡ ᠶᠢ ᠥᠭᠡᠷᠡᠴᠢᠯᠡᠬᠦ᠂ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠶᠢ ᠠᠬᠢᠭᠤᠯᠵᠤ᠂ ᠤᠷᠢᠳ ᠬᠤᠵᠢᠳ 4 ᠰᠠᠭᠤᠷᠢ ᠤᠰᠤ ᠲᠠᠲᠠᠬᠤ ᠬᠥᠭᠡᠷᠭᠡ ᠶᠢᠨ ᠥᠷᠲᠡᠭᠡ᠂ 43.51 ᠺᠢᠯᠣᠮᠧᠲᠷ ᠤᠷᠳᠤ 4 ᠭᠤᠤᠯ ᠰᠤᠪᠠᠭ᠂ 20.45 ᠺᠢᠯᠣᠮᠧᠲᠷ ᠤᠷᠳᠤ 2 ᠭᠤᠤᠯ ᠰᠠᠯᠪᠤᠷᠢ ᠰᠤᠪᠠᠭ᠂ 47.48 ᠺᠢᠯᠤᠮᠧᠳ᠋ᠷ ᠤᠷᠳᠦ 6 ᠰᠠᠯᠪᠤᠷᠢ ᠰᠤᠪᠠᠭ ᠢ ᠪᠠᠶᠢᠭᠤᠯᠤᠨ᠂ ᠶᠡᠷᠦᠩᠬᠡᠶ ᠪᠠᠭᠲᠠᠭᠠᠮᠵᠢ ᠨᠢ 110 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠬᠦ 18 ᠤᠰᠤᠨ ᠴᠥᠭᠦᠷᠥᠮ ᠢ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠲᠠᠷᠢᠶᠠᠯᠠᠩ᠂ ᠠᠵᠤ ᠦᠢᠯᠡᠳᠪᠦᠷᠢ ᠪᠠ ᠠᠮᠢ ᠠᠬᠤᠶ ᠶᠢᠨ ᠤᠰᠤ ᠬᠡᠷᠡᠭᠯᠡᠬᠦ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ᠃    30 ᠭᠠᠷᠤᠶ ᠵᠢᠯ ᠤᠨ ᠳᠤᠷᠰᠢ᠂ ᠬᠤᠶᠠᠷᠬᠤᠳᠳᠤᠭ ᠤᠨ ᠬᠦᠳᠡᠭᠡ ᠶᠢᠨ ᠬᠠᠲᠤᠨ ᠭᠤᠤᠯ ᠤᠨ ᠤᠰᠤᠯᠠᠯᠲᠠ ᠶᠢᠨ ᠢᠨᠵᠧᠨᠧᠷᠢᠩ ᠨᠢ ᠬᠡᠷᠡᠯᠯᠢᠭ ᠤᠳᠠᠰᠤᠨ ᠤ ᠴᠢᠮᠡᠭᠡ ᠬᠤᠯᠪᠣᠭᠠᠨ ᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢ ᠠᠦ᠋ᠲ᠋ᠣ᠋ ᠬᠡᠮᠵᠢᠯᠲᠡ ᠪᠠᠷ ᠳᠠᠮᠵᠢᠭᠤᠯᠤᠨ ᠡᠵᠡᠮᠳᠡᠬᠦ ᠢᠨᠵᠧᠨᠧᠷᠢᠩ᠂ ᠭᠤᠤᠯ ᠰᠤᠪᠠᠭ ᠤᠨ ᠥᠭᠡᠷᠡᠴᠢᠯᠡᠯᠲᠡ ᠪᠠ ᠠᠮᠢ ᠠᠬᠤᠶ ᠶᠢᠨ ᠵᠠᠰᠠᠯᠲᠠ᠂ ᠳᠠᠷᠤᠯᠲᠠᠲᠤ ᠬᠤᠭᠤᠯᠠᠶ ᠶᠢ ᠰᠣᠯᠢᠬᠤ᠂ ᠬᠥᠭᠡᠷᠭᠡ ᠶᠢᠨ ᠥᠷᠲᠡᠭᠡ ᠶᠢᠨ ᠨᠠᠪᠴᠢᠨ ᠬᠦᠷᠳᠦᠨ ᠤ ᠥᠭᠡᠷᠡᠴᠢᠯᠡᠯᠲᠡ ᠵᠡᠷᠭᠡ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠂ ᠬᠠᠲᠤᠨ ᠭᠤᠤᠯ ᠤᠨ ᠤᠰᠤᠯᠠᠯᠲᠠ ᠶᠢᠨ ᠢᠨᠵᠧᠨᠧᠷᠢᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ 11.58 ᠲᠦᠮᠡᠨ ᠮᠥ ᠤᠰᠤᠯᠠᠯᠲᠠ ᠶᠢᠨ ᠣᠷᠣᠨ ᠳᠤ ᠤᠰᠤ ᠠᠷᠪᠢᠯᠠᠬᠤ ᠳᠤᠰᠤᠯᠭᠠᠨ ᠤᠰᠤᠯᠠᠯᠳᠠ ᠶᠢ ᠨᠡᠶᠢᠳᠡᠮ ᠪᠦᠷᠬᠦᠬᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠭᠦᠴᠡ ᠪᠠᠷ ᠬᠠᠮᠤᠭ ᠤᠨ ᠥᠨᠳᠥᠷ᠂ ᠬᠠᠮᠤᠭ ᠤᠨ ᠡᠷᠲᠡ ᠤᠰᠤᠨ ᠤ ᠬᠡᠮᠵᠢᠶ᠎ᠠ ᠶᠢ ᠳᠤᠬᠢᠷᠠᠭᠤᠯᠤᠭᠰᠠᠨ᠂ ᠤᠰᠤ ᠠᠷᠪᠢᠯᠠᠬᠤ ᠳᠤᠰᠤᠯᠭᠠᠨ ᠤᠰᠤᠯᠠᠯᠳᠠ ᠶᠢᠨ ᠲᠤᠷᠰᠢᠯᠲᠠ ᠶᠢ ᠬᠠᠮᠤᠭ ᠤᠨ ᠡᠷᠲᠡ ᠬᠢᠭᠰᠡᠨ᠂ ᠤᠰᠤ ᠠᠷᠪᠢᠯᠠᠬᠤ ᠤᠰᠤᠯᠠᠯᠳᠠ ᠶᠢ ᠨᠡᠶᠢᠳᠡᠮ ᠪᠦᠷᠬᠦᠬᠦᠯᠦᠭᠰᠡᠨ ᠤᠰᠤᠯᠠᠯᠲᠠ ᠶᠢᠨ ᠣᠷᠣᠨ ᠪᠤᠯᠭᠠᠨ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠳᠦᠷᠢᠮᠵᠢᠭᠦᠯᠦᠯᠲᠡ᠂ ᠨᠠᠷᠢᠯᠢᠭᠵᠢᠭᠤᠯᠤᠯᠳᠠ ᠶᠢᠨ ᠪᠥᠲᠥᠭᠡᠨ ᠪᠠᠶᠢᠭᠤᠯᠤᠯᠲᠠ ᠶᠢᠨ ᠳᠠᠯ᠎ᠠ ᠪᠠᠷ ᠡᠷᠬᠢᠨ ᠲᠣᠭᠤᠷᠢᠨ ᠤ ᠤᠰᠤᠯᠠᠯᠲᠠ ᠶᠢᠨ ᠣᠷᠣᠨ ᠤ ᠡᠮᠦᠨ᠎ᠡ ᠡᠩᠨᠡᠭᠡᠨ ᠳᠤ ᠤᠷᠤᠵᠤ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号