1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠢ ᠬᠢᠨᠠᠨ ᠵᠥᠪᠯᠡᠪᠡ᠃ | ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ | ᠪᠢᠯᠬᠠᠵᠤ᠂ ᠲᠥᠯᠥᠭᠡᠯᠡᠭᠴᠢᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠡᠳᠬᠢᠭᠳᠡᠯ ᠢᠶᠠᠨ ᠶᠠᠷᠢᠯᠴᠠᠵᠤ᠂ | ᠲᠥᠷᠥᠭᠳᠡᠯ ᠢᠶᠠᠨ ᠶᠠᠷᠢᠵᠤ᠂ ᠰᠠᠶᠢᠨ ᠠᠷᠭ᠎ᠠ ᠪᠣᠳᠣᠯᠭ᠎ᠠ ᠰᠦᠪᠡᠭᠴᠢᠯᠡᠨ᠂ ᠬᠥᠭᠵᠢᠯᠲᠡ ᠶᠢ ᠵᠥᠪᠯᠡᠵᠦ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ | ᠳᠡᠪᠰᠢᠭᠦᠯᠪᠡ᠃ ᠲᠥᠯᠥᠭᠡᠯᠡᠭᠴᠢᠳ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠥᠩᠭᠡᠷᠡᠭᠰᠡᠨ ᠨᠢᠭᠡ ᠵᠢᠯ ᠤᠨ | ᠠᠵᠢᠯ ᠢᠶᠠᠨ ᠳ᠋ᠦᠩᠨᠡᠭᠰᠡᠨ ᠨᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠥᠭᠡᠳ ᠪᠦᠬᠦ | ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢᠶᠠᠨ ᠤᠬᠠᠭᠠᠯᠠᠨ ᠲᠥᠯᠥᠪᠯᠡᠭᠰᠡᠨ ᠬᠠᠷᠠᠯᠲᠠ ᠲᠣᠳᠣᠷᠬᠠᠢ᠂ | ᠭᠤᠣᠯᠳᠠᠯᠭ᠎ᠠ ᠲᠤᠪᠤᠶᠢᠮ᠎ᠠ ᠪᠠᠶᠢᠵᠤ᠂ ᠵᠣᠭᠰᠣᠴᠠ ᠥᠨᠳᠥᠷ᠂ ᠭᠤᠣᠯ ᠰᠡᠳᠦᠪ ᠢᠯᠡ ᠲᠣᠳᠣ᠂ ᠬᠥᠮᠦᠰ ᠢ | ᠤᠷᠮᠠᠰᠢᠭᠤᠯᠤᠨ ᠵᠣᠷᠢᠭᠵᠢᠭᠤᠯᠬᠤ ᠴᠢᠨᠠᠷ ᠰᠠᠶᠢᠲᠠᠢ ᠢᠯᠡᠳᠭᠡᠯ ᠪᠣᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃ | ᠲᠥᠯᠥᠭᠡᠯᠡᠭᠴᠢᠳ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠠᠭᠠᠭᠤᠯᠭ᠎ᠠ ᠳᠣᠣᠷ᠎ᠠ᠂ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠴᠢᠩᠭ᠎ᠠ ᠡᠵᠡᠮᠳᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠪᠣᠳᠠᠲᠠᠢ ᠠᠯᠬᠤᠮ ᠢ ᠠᠯᠬᠤᠵᠡᠢ ᠭᠡᠵᠦ ᠢᠯᠡᠳᠭᠡᠵᠡᠭᠡᠪᠡ᠃ | ︽ᠲᠤᠬᠠᠢ ᠶᠢᠨ ᠲᠠᠯᠠᠪᠠᠢ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠭᠠᠳ ᠪᠢᠳᠡ | ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠬᠦ ᠢᠲᠡᠭᠡᠯ ᠵᠣᠷᠢᠭ ᠣᠯᠠᠮ ᠪᠠᠲᠤ | ᠪᠤᠯᠵᠠᠢ︾᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠲᠦᠩᠯᠢᠶᠣᠤ ᠬᠤᠳᠠ ᠶᠢᠨ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠬᠤᠳᠠ ᠶᠢᠨ ᠳᠠᠷᠤᠭ᠎ᠠ ᠵᠢᠢ ᠬᠠᠢ ᠶᠠᠩ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠶᠡᠭᠡ ᠬᠠᠨᠳᠤᠰᠢ ᠶᠢ | ᠣᠨᠣᠪᠴᠢᠲᠠᠢ ᠡᠵᠡᠮᠳᠡᠵᠦ᠂ ᠰᠡᠳᠭᠢᠴᠡ ᠣᠶᠢᠯᠠᠭᠠᠭᠳᠠᠬᠤᠨ ᠰᠢᠨ᠎ᠡ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠴᠡᠭ | ᠪᠣᠳᠠᠲᠠᠢ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠰᠠᠶᠢᠨ ᠢᠯᠡᠳᠭᠡᠯ | ᠪᠣᠯᠤᠨ᠎ᠠ᠃ ᠬᠤᠤᠯᠢᠩᠭᠤᠤᠯ ᠬᠤᠲᠠ ︽ᠠᠵᠤ ᠦᠢᠯᠡᠳᠪᠦᠷᠢ ᠶᠢᠨ ᠬᠦᠴᠦᠷᠬᠡᠭ ᠬᠤᠲᠠ︾ ᠶᠢ ᠦᠷᠭᠦᠯᠵᠢᠯᠡᠨ | ᠭᠤᠶᠢᠪᠢᠰᠢ ᠥᠬᠡᠶ ᠪᠠᠷᠢᠮᠲᠠᠯᠠᠵᠤ᠂ ︽ᠳᠤᠮᠳᠠᠳᠤ ᠤᠯᠤᠰ · ᠪᠣᠬᠢᠷᠲᠤᠯ ᠥᠬᠡᠶ ᠴᠠᠬᠢᠯᠭᠠᠨ ᠬᠥᠩᠭᠡᠨᠴᠠᠭᠠᠨ ᠤ ᠬᠤᠲᠠ︾ | ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠵᠤᠷᠢᠵᠤ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ | ᠲᠦᠷᠭᠡᠳᠭᠡᠵᠦ᠂ ᠬᠥᠩᠭᠡᠨᠴᠠᠭᠠᠨ ᠤ ᠠᠵᠤ ᠦᠢᠯᠡᠰ ᠤᠨ ᠳᠡᠭᠡᠳᠦ ᠳᠡᠰᠵᠢᠬᠦ᠂ ᠪᠣᠬᠢᠷᠲᠤᠯ ᠥᠬᠡᠶᠢᠵᠢᠵᠦ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠶᠡᠭᠡ ᠪᠠᠷ ᠠᠬᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠪᠥᠬᠦ ᠣᠷᠣᠨ ᠤ ᠠᠵᠤ ᠠᠬᠤᠶ ᠨᠡᠶᠢᠭᠡᠮ | ᠤᠨ ᠬᠥᠭᠵᠢᠯᠲᠡ ᠶᠢᠨ ᠶᠡᠭᠡ ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ | ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ 2025 ᠣᠨ ᠤ ᠠᠵᠢᠯ ᠤᠨ ᠲᠣᠬᠢᠷᠠᠭᠤᠯᠤᠯᠲᠠ ᠳᠤ᠂ | ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠯᠠ | ᠣᠷᠣᠭᠤᠯᠤᠯᠲᠠ ᠶᠢ ᠡᠷᠡᠰ ᠭᠤᠶᠢᠪᠢᠰᠢ ᠥᠬᠡᠶ ᠠᠳᠬᠤᠨ᠎ᠠ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠱᠢ ᠵᠥᠩ ᠴᠢᠨ᠂ ᠡᠨᠡ ᠵᠢᠯ᠂ ᠤᠰᠤᠲᠥ᠋ᠷᠥᠭᠴᠢ ᠡᠨᠧᠷᠭᠢ ᠶᠢᠨ | ᠨᠥᠭᠡᠴᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠥᠬᠦ ᠬᠡᠯᠬᠢᠶᠡᠨ ᠤ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ | ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ | ᠤᠰᠤᠲᠥ᠋ᠷᠥᠭᠴᠢ ᠦᠢᠯᠡᠳᠬᠦ ᠬᠡᠷᠡᠭᠯᠡᠬᠦ ᠪᠠᠶᠢᠳᠠᠯ ᠢ ᠵᠡᠷᠭᠡ ᠪᠠᠷ ᠪᠠᠶᠢᠷᠢᠰᠢᠭᠤᠯᠵᠤ᠂ ᠤᠰᠤᠲᠥ᠋ᠷᠥᠭᠴᠢ ᠡᠨᠧᠷᠭᠢ ᠶᠢᠨ | ᠨᠥᠭᠡᠴᠡ ᠡᠨᠧᠷᠭᠢ ᠶᠢᠨ ᠬᠡᠪᠴᠢᠶ᠎ᠡ ᠶᠢ ᠡᠬᠢᠯᠡᠭᠦᠯᠬᠦ᠂ ᠲᠥᠪᠯᠡᠷᠡᠭᠦᠯᠦᠨ ᠬᠥᠭᠵᠢᠭᠦᠯᠬᠦ ᠶᠢ ᠦᠨᠡᠨ ᠪᠣᠳᠠᠲᠠᠶ | ᠠᠬᠢᠭᠤᠯᠤᠨ᠎ᠠ ᠭᠡᠵᠡᠶ᠃ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ | ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ | ᠮᠥᠨ᠃ ᠣᠯᠠᠨ ᠢᠶᠠᠷ ᠢᠶᠠᠨ᠂ ᠰᠢᠨ᠎ᠡ ᠨᠢᠭᠡᠨ ᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠬᠰᠢᠯᠠᠯᠳᠠ ᠲᠠᠢ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ᠂ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ | ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ︽ᠨᠢᠭᠡ ᠭᠤᠤᠯ ᠰᠢᠵᠢᠮ ᠢ ᠳᠣᠣᠱᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ︾ ᠠᠵᠢᠯᠯᠠᠭ᠎ᠠ ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ | ᠪᠢᠴᠢᠭᠯᠡᠬᠦ ᠬᠡᠷᠡᠭᠲᠡᠢ ᠭᠡᠵᠦ ᠢᠯᠡᠳᠭᠡᠪᠡ᠃ |