1 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ | ᠰᠢᠶᠠ ᠲᠡᠭᠦᠨ ᠤ ᠪᠠᠶᠢᠭ᠎ᠠ ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠪᠠ᠃ | ᠪᠤᠭᠤᠲᠤ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨ ᠬᠦᠷ ᠬᠥᠭᠵᠢᠶᠡᠨ ᠲᠠᠢ ᠬᠢᠨᠠᠨ ᠵᠦᠪᠯᠡᠵᠤ᠂ | ᠳ᠋ᠢᠩ ᠰᠢᠤ ᠹᠧᠩ᠂ ᠮᠧᠩ ᠴᠢᠩ ᠸᠧᠢ᠂ ᠯᠢ ᡁᠢ᠂ ᠱᠢ ᠵᠦᠩ ᠴᠢᠨ᠂ ᠶᠠᠩ ᠬᠤᠤ᠂ ᠸᠧᠢ ᠳ᠋ᠦᠩ ᠪᠥᠸᠧ᠂ ᠯᠢᠦᠢ | ᠪᠢᠩ ᠬᠤᠢ᠂ ᠾᠧᠦ ᠶᠦᠩ ᠹᠧᠩ᠂ ᠮᠧᠩ ᠹᠠᠨ ᠵᠢᠩ ᠵᠡᠷᠭᠡ ᠲᠥᠯᠥᠭᠡᠯᠡᠭᠴᠢ ᠲᠤᠰ ᠲᠤᠰ ᠦᠭᠡ ᠬᠡᠯᠡᠵᠦ᠂ | ᠬᠤᠪᠣᠷ ᠰᠢᠷᠣᠢ ᠶᠢᠨ ᠬᠤᠶᠠᠷ ᠰᠠᠭᠤᠷᠢᠨ ᠢ ᠪᠠᠶᠢᠭᠤᠯᠬᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠬᠤ᠂ ᠤᠰᠤᠲᠥ᠋ᠷᠥᠭᠴᠢ ᠡᠨᠧᠷᠭᠢ ᠨᠥᠭᠡᠴᠡᠯᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠲᠦᠷᠭᠡᠳᠭᠡᠬᠦ᠂ ᠡᠬᠢ ᠪᠠᠶᠠᠯᠢᠭ ᠢ ᠬᠤᠷᠢᠶᠠᠨ ᠠᠪᠴᠤ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ᠂ ᠤᠰᠤᠨ ᠤ | ᠡᠷᠬᠡ ᠶᠢᠨ ᠠᠷᠠᠯᠵᠢᠶ᠎ᠠ ᠶᠢ ᠠᠬᠢᠭᠤᠯᠬᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠵᠡᠷᠭᠡ ᠶᠢᠨ ᠲᠣᠭᠤᠷᠢᠨ ᠳᠤ | ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠤᠯᠠᠨ ᠤ ᠶᠠᠷᠢᠬᠤ ᠶᠢ ᠰᠣᠨᠣᠰᠬᠤ ᠶᠢᠨ ᠳᠠᠭᠠᠤ ᠲᠡᠮᠳᠡᠭᠯᠡᠵᠦ᠂ | ᠪᠠᠶᠢᠨ ᠪᠠᠶᠢᠨ ᠤᠯᠠᠨ ᠲᠠᠢ ᠶᠠᠷᠢᠯᠴᠠᠨ ᠰᠣᠯᠢᠯᠴᠠᠵᠤ᠂ ᠪᠣᠳᠠᠲᠠᠢ ᠤᠴᠢᠷ ᠶᠠᠪᠤᠳᠠᠯ ᠳᠤ ᠨᠢᠭᠡᠳ ᠨᠢᠭᠡ ᠪᠠᠷ | ᠬᠠᠷᠢᠭᠤᠯᠲᠠ ᠥᠭᠴᠤ ᠪᠠᠶᠢᠯ᠎ᠠ᠃ | ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ | ᠬᠠᠯᠠᠮᠵᠢᠯᠠᠯ ᠪᠣᠯᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ | ᠳᠠᠭᠠᠭᠤᠯᠤᠨ ᠪᠦᠯᠬᠦᠮᠳᠡᠨ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠶᠢ ᠠᠬᠢᠭᠤᠯᠬᠤ ᠦᠨᠡᠨ ᠪᠤᠳᠠᠳᠠᠢ ᠠᠯᠬᠤᠮ ᠢ ᠠᠯᠬᠤᠪᠠ᠂ ᠪᠤᠭᠤᠲᠤ ᠬᠤᠳᠠ ᠡᠨᠡ ᠬᠦ ᠬᠢᠷᠢ | ᠪᠦᠲᠦᠮᠵᠢ ᠶᠢᠨ ᠬᠠᠭᠤᠳᠠᠰᠤ ᠳᠤ ᠴᠢᠬᠤᠯᠠ ᠬᠤᠪᠢ ᠨᠡᠮᠡᠷᠢ ᠦᠵᠡᠬᠦᠯᠪᠡ᠃ ᠡᠨᠡ ᠵᠢᠯ ᠤᠨ ᠠᠵᠢᠯ ᠢ ᠰᠠᠶᠢᠲᠤᠷ | ᠬᠢᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠵᠦ᠂ ᠲᠠᠪᠤᠨ ᠶᠡᠭᠡ ᠡᠭᠦᠷᠭᠡ᠂ ᠵᠢᠷᠤᠭ ᠲᠥᠰᠦᠪ ᠢ | ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠴᠢᠩᠭ᠎ᠠ ᠠᠩᠬᠠᠷᠴᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠤᠭᠤᠲᠤ ᠬᠤᠳᠠ ᠶᠢᠨ ᠬᠢᠨ ᠰᠦᠷ ᠵᠢᠪᠬᠤᠭ᠎ᠠ ᠪᠠᠨ ᠳᠠᠬᠢᠨ | ᠮᠠᠨᠳᠤᠭᠤᠯᠬᠤ ᠰᠦᠰᠦ ᠵᠣᠷᠢᠭ ᠢ ᠪᠤᠢ ᠪᠤᠯᠭᠠᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ | ᠭᠤᠤᠯ ᠳᠤᠯᠭᠠᠭᠤᠷᠢ ᠬᠦᠴᠦᠨ ᠪᠤᠯᠬᠤ ᠬᠡᠷᠡᠭᠲᠡᠢ᠃ ᠬᠥᠭᠵᠢᠯᠲᠡ ᠶᠢ ᠲᠦᠷᠭᠡᠳᠭᠡᠬᠦ ᠳᠤ ᠬᠦᠴᠦᠨ ᠢᠶᠠᠨ | ᠰᠤᠯᠠᠷᠠᠭᠤᠯᠬᠤ ᠦᠭᠡᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠠᠳᠬᠤᠵᠤ᠂ | ᠬᠡᠷᠡᠭᠯᠡᠭᠡ ᠶᠢ ᠥᠷᠭᠡᠳᠭᠡᠬᠦ ᠬᠡᠷᠡᠭᠲᠡᠢ᠃ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠤᠶᠢᠪᠢᠰᠢ ᠦᠭᠡᠢ | ᠴᠢᠩᠭ᠎ᠠ ᠠᠳᠬᠤᠵᠤ᠂ ᠠᠵᠤ ᠦᠢᠯᠡᠰ ᠤᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠳᠤ ᠬᠦᠴᠦ ᠪᠠᠨ ᠲᠥᠪᠯᠡᠷᠡᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ | ᠬᠥᠭᠵᠢᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ | ᠠᠳᠬᠤᠵᠤ᠂ ︽ᠲᠨᠨ ᠳᠤ ᠬᠠᠨᠤᠮᠵᠢᠲᠠᠢ ᠪᠤᠭᠤᠳᠤ︾᠂ ︽ᠲᠠ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠦᠷᠦᠯ | ᠲᠡᠮᠳᠡᠭ ᠢ ᠠᠯᠳᠠᠷᠰᠢᠭᠤᠯᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠨᠠᠷᠢᠯᠢᠭ | ᠬᠠᠮᠢᠶᠠᠷᠤᠯᠲᠠ ᠶᠢ ᠰᠤᠯᠠᠷᠠᠭᠤᠯᠤᠯ ᠦᠭᠡᠢ ᠠᠳᠬᠤᠵᠤ᠂ ᠡᠯ᠎ᠡ ᠲᠦᠷᠦᠯ ᠤᠨ ᠡᠬᠢ ᠪᠠᠶᠠᠯᠢᠭ ᠢ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠬᠥᠬᠡᠬᠤᠲᠠ ᠪᠤᠭᠤᠲᠤ ᠤᠷᠳᠤᠰ ᠤᠯᠠᠭᠠᠨᠴᠠᠪ ᠢ ᠨᠢᠭᠡ ᠴᠤᠬᠴᠠᠵᠢᠭᠤᠯᠤᠨ ᠬᠦᠭᠵᠢᠬᠦᠯᠬᠦ ᠠᠯᠬᠤᠭ᠎ᠠ ᠶᠢ ᠲᠦᠷᠭᠡᠳᠭᠡᠬᠦ | ᠬᠡᠷᠡᠭᠳᠡᠢ᠃ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠬᠦᠳᠬᠦ ᠠᠵᠢᠯ ᠢ ᠰᠤᠯᠠᠷᠠᠭᠤᠯᠤᠯ ᠦᠭᠡᠢ | ᠠᠳᠬᠤᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ | ᠬᠡᠷᠡᠭᠲᠡᠢ ᠭᠡᠪᠡ᠃ | |