ᠰᠦᠨ ᠱᠣᠣ ᠴᠧᠩ ᠬᠦᠬᠡᠬᠤᠳᠠ ᠶᠢᠨ ᠳᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠣᠷᠣᠨ ᠤ ᠲᠥᠪ ᠤᠨ ᠬᠢᠨ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠤᠷᠢᠭᠲᠠᠢ ᠪᠠᠷ ᠴᠢᠬᠤᠯᠠ ᠡᠭᠦᠷᠭᠡ ᠶᠢ ᠡᠭᠦᠷᠭᠡᠯᠡᠵᠦ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/1/15
    1 ᠰᠠᠷ᠎ᠠ ᠶᠢᠨ 14 ᠤ ᠡᠳᠦᠷ᠂ ᠰᠦᠨ ᠱᠤᠤ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃    ᠲᠥᠯᠥᠭᠡᠯᠡᠭᠴᠢᠳ ᠤᠨ ᠪᠦᠯᠬᠦᠮ ᠤᠨ ᠬᠢᠨ ᠢᠳᠡᠪᠬᠢᠲᠡᠢ ᠦᠭᠡ ᠬᠡᠯᠡᠵᠦ᠂ ᠤᠷᠮ᠎ᠠ ᠰᠡᠳᠬᠢᠯᠬᠡ ᠲᠠᠢ ᠬᠢᠨᠡᠨ ᠵᠦᠪᠯᠡᠵᠤ ᠠᠬᠤᠢ ᠲᠠᠯᠠᠪᠠᠢ ᠮᠠᠰᠢ ᠬᠥᠷ ᠬᠥᠭᠵᠢᠶᠡᠨ ᠲᠠᠢ ᠪᠠᠶᠢᠯ᠎ᠠ᠃ ᠪᠦᠦ ᠭᠠᠩ᠂ ᠵᠠᠩ ᠳ᠋ᠠᠩ ᠬᠤᠢ᠂ ᠵᠠᠩ ᡁᠢ ᠺᠦᠢ᠂ ᠴᠧᠩ ᠲᠤᠤ᠂ ᠾᠧ ᠬᠠᠢ ᠳ᠋ᠦᠩ᠂ ᠮᠠ ᠬᠤᠩ ᠵᠢᠶᠦ᠋ᠨ᠂ ᠳ᠋ᠦᠩ ᠵᠦᠩ᠂ ᠵᠠᠩ ᠶᠠᠨ᠂ ᠯᠢᠦ ᠬᠠᠢ ᠶᠠᠨ᠂ ᠯᠦ ᠵᠠᠨ ᠶᠤᠸᠠᠨ᠂ ᠴᠢᠶᠣᠤ ᠸᠧᠨ ᠵᠢᠶᠧ᠂ ᠠᠯᠲᠠᠨᠰᠠᠩ᠂ ᠵᠠᠩ ᠵᠢᠶᠠᠨ ᠴᠢᠦ᠂ ᠵᠤᠤ ᠶᠦᠩ ᠨᠠᠷ ᠤᠷᠢᠳ ᠬᠤᠵᠢᠳ ᠦᠭᠡ ᠬᠡᠯᠡᠪᠠ᠂ ᠤᠯᠠᠨ ᠤ ᠶᠠᠷᠢᠬᠤ ᠶᠢ ᠰᠤᠨᠤᠰᠬᠤ ᠲᠤᠮᠳᠠ ᠰᠦᠨ ᠱᠤᠤ ᠴᠧᠩ ᠪᠠᠶᠢᠨ ᠪᠠᠶᠢᠨ ᠯᠠᠪᠯᠠᠨ ᠠᠰᠠᠭᠤᠵᠤ᠂ ᠤᠯᠠᠨ ᠲᠠᠢ ᠶᠠᠷᠢᠯᠴᠠᠨ ᠰᠣᠯᠢᠯᠴᠠᠪᠠ᠃    ᠰᠦᠨ ᠱᠤᠤ ᠴᠧᠩ ᠶᠠᠷᠢᠶᠠᠨ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠯᠡᠷᠡᠭᠦᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠭᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ᠃    ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠬᠥᠬᠡᠬᠤᠲᠠ ᠶᠢᠨ ᠠᠵᠢᠯ ᠮᠠᠰᠢ ᠰᠠᠶᠢᠨ ᠶᠠᠪᠤᠭᠳᠠᠵᠤ᠂ ᠡᠯ᠎ᠡ ᠲᠠᠯ᠎ᠠ ᠶᠢᠨ ᠬᠥᠭᠵᠢᠯᠲᠡ ᠶᠢᠨ ᠰᠠᠶᠢᠨ ᠬᠠᠨᠳᠤᠰᠢ ᠢᠯᠡᠷᠡᠪᠠ᠂ ᠬᠤᠶᠢᠰᠢᠳᠠ ᠣᠷᠣᠨ ᠤ ᠲᠥᠪ ᠬᠤᠳᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠪᠠᠲᠤ ᠡᠭᠦᠷᠭᠡᠯᠡᠵᠦ᠂ ᠨᠢᠭᠡ ᠭᠤᠣᠯ ᠰᠢᠵᠢᠮ ᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠶᠡᠭᠡ ᠡᠭᠦᠷᠭᠡ ᠶᠢ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠨᠢᠭᠡ ᠳᠤ᠂ ᠥᠭᠡᠷᠡᠴᠢᠯᠡᠯᠲᠡ ᠳᠤ ᠲᠦᠰᠢᠭᠯᠡᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ ᠂ ᠨᠡᠭᠡᠭᠡᠯᠲᠡ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠲᠠ᠂ ᠤᠰᠤ ᠶᠢ ᠠᠷᠪᠢᠯᠠᠨ ᠬᠡᠷᠡᠭᠯᠡᠬᠦ ᠵᠡᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠰᠦᠪᠡᠭᠴᠢᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠳᠡᠢ᠃ ᠬᠤᠶᠠᠷ ᠲᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠬᠡᠨ ᠬᠥᠭᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠶᠢᠷ᠎ᠠ ᠤᠭᠲᠠᠷᠭᠤᠢ ᠶᠢᠨ ᠠᠵᠤ ᠠᠬᠤᠢ᠂ ᠵᠢᠯᠣᠭᠤᠴᠢ ᠦᠭᠡᠢ ᠮᠠᠰᠢᠨ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠪᠣᠬᠢᠷᠲᠤᠯ ᠦᠭᠡᠢ ᠪᠤᠳᠤᠯᠲᠠ ᠶᠢᠨ ᠬᠦᠴᠦᠨ᠂ ᠴᠠᠬᠢᠭᠤᠷᠲᠤ ᠰᠢᠨ᠎ᠡ ᠮᠠᠲ᠋ᠧᠷᠢᠶᠠᠯ᠂ ᠬᠠᠶᠠᠭᠳᠠᠮᠠᠯ ᠬᠠᠭᠤᠴᠢᠨ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠤ ᠦᠢᠯᠡᠰ ᠢ ᠤᠷᠢᠳᠴᠢᠯᠠᠨ ᠤᠬᠠᠭᠠᠯᠠᠨ ᠲᠥᠯᠥᠪᠯᠡᠵᠦ ᠪᠠᠶᠢᠷᠢᠰᠢᠭᠤᠯᠵᠤ᠂ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠳᠡᠢ᠃ ᠭᠤᠷᠪᠠ ᠳᠤ᠂ ᠨᠡᠶᠢᠭᠡᠮ ᠤᠨ ᠬᠠᠮᠢᠶᠠᠷᠤᠯᠲᠠ ᠶᠢᠨ ᠳᠡᠰ ᠳᠡᠪᠰᠢᠬᠦ ᠶᠢ ᠠᠬᠢᠭᠤᠯᠵᠤ᠂ ᠬᠤᠲᠠ ᠶᠢᠨ ᠲᠥᠯᠥᠪᠵᠢᠭᠦᠯᠭᠡ ᠪᠠᠶᠢᠷᠢᠰᠢᠭᠤᠯᠤᠯᠳᠠ ᠶᠢ ᠰᠢᠯᠢᠳᠡᠭᠵᠢᠭᠦᠯᠦᠨ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠷᠢᠯᠢᠬ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠳᠥᠷᠪᠡ ᠳᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ︽ᠲᠠᠪᠤ ᠳᠤ ᠲᠣᠬᠢᠷᠠᠮᠵᠢᠲᠠᠶ ᠬᠤᠲᠠ︾ ᠶᠢᠨ ᠪᠥᠲᠥᠭᠡᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠣᠯᠠᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠢ ᠪᠣᠳᠠᠲᠠᠶ ᠠᠳᠬᠤᠬᠤ ᠬᠡᠷᠡᠭᠳᠡᠢ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠢ ᠨᠢᠭᠡ ᠴᠤᠭᠴᠠᠵᠢᠭᠤᠯᠤᠨ ᠬᠥᠭᠵᠢᠬᠦᠯᠬᠦ ᠲᠠᠯ᠎ᠠ ᠪᠠᠷ ᠨᠡᠩ ᠶᠡᠭᠡ ᠠᠯᠬᠤᠮ ᠠᠯᠬᠤᠬᠤ ᠶᠢ ᠲᠦᠷᠦᠭᠦᠯᠡᠨ ᠠᠬᠢᠭᠤᠯᠬᠤ ᠬᠡᠷᠡᠭᠳᠡᠢ ᠭᠡᠪᠡ᠃    ᠰᠦᠨ ᠱᠤᠤ ᠴᠧᠩ᠂ ᠬᠥᠬᠡᠬᠤᠲᠠ ᠶᠢᠨ ᠬᠢᠨ ᠬᠤᠳᠠ ᠪᠠᠨ ᠪᠤᠵᠠᠭᠠᠶᠢᠷᠠᠭᠤᠯᠵᠤ᠂ ᠲᠥᠪᠯᠡᠷᠡᠭᠰᠡᠨ ᠪᠦᠭᠡᠮᠨᠡᠷᠡᠭᠰᠡᠨ ᠡᠷᠴᠢᠮᠵᠢᠭᠰᠡᠨ ᠬᠥᠭᠵᠢᠯᠲᠡ ᠶᠢᠨ ᠰᠠᠭᠤᠷᠢᠨ ᠳᠡᠭᠡᠷ᠎ᠡ᠂ ᠠᠷᠭ᠎ᠠ ᠪᠦᠬᠦᠨ ᠢ ᠰᠦᠪᠡᠭᠴᠢᠯᠡᠵᠦ ᠬᠥᠮᠦᠨ ᠠᠮᠠ ᠶᠢ ᠲᠥᠪᠯᠡᠷᠡᠭᠦᠯᠵᠦ᠂ ᠬᠦᠭᠵᠢᠨ ᠴᠠᠴᠡᠭᠯᠡᠭᠰᠡᠨ ᠠᠭᠤᠷ ᠠᠮᠢᠰᠬᠤᠯ ᠢ ᠦᠳᠭᠡᠷᠡᠬᠦᠯᠬᠦ ᠬᠡᠷᠡᠭᠲᠡᠢ᠃ ᠳᠠᠯᠠᠨ ᠬᠠᠷ᠎ᠠ ᠠᠭᠤᠯᠠ ᠶᠢ ᠰᠠᠶᠢᠲᠤᠷ ᠬᠠᠮᠠᠭᠠᠯᠠᠨ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠬᠦᠯᠬᠦ ᠬᠡᠷᠡᠭᠲᠡᠶ᠃ ᠵᠢᠭᠤᠯᠴᠢᠯᠠᠯ ᠢ ᠬᠥᠭᠵᠢᠭᠡᠵᠦ᠂ ᠵᠢᠭᠤᠯᠴᠢᠯᠠᠯ ᠤᠨ ᠦᠢᠯᠡᠳᠭᠦᠨ ᠪᠠ ᠵᠠᠮ ᠱᠤᠭᠤᠮ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠨᠠᠩ ᠣᠯᠠᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠶ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号