ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2025/1/15
    1 ᠰᠠᠷ᠎ᠠ ᠶᠢᠨ 14 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠬᠥᠬᠡᠬᠤᠲᠠ ᠳᠤ ᠡᠬᠢᠯᠡᠪᠡ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠦᠨ ᠱᠤᠤ ᠴᠧᠩ ᠶᠡᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃    ᠸᠠᠩ ᠯᠢ ᠰᠢᠶᠠ᠂ ᠵᠠᠩ ᠶᠠᠨ ᠺᠦᠨ᠂ ᠱᠢ ᠭᠤᠸᠠᠩ ᠬᠤᠢ᠂ ᠯᠢᠦ ᠱᠤᠸᠠᠩ᠂ ᠪᠦᠦ ᠭᠠᠩ᠂ ᠮᠧᠩ ᠰᠢᠶᠠᠨ ᠳ᠋ᠦᠩ᠂ ᠶᠠᠩ ᠰᠢᠶᠤᠤ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠤᠳᠠᠭᠤᠯᠠ᠂ ᠢᠦᠢ ᠯᠢ ᠰᠢᠨ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠶᠤᠤ ᠶᠦᠩ ᠪᠥᠸᠧ᠂ ᠲᠠᠶᠢᠴᠢᠨ᠂ ᠶᠠᠩ ᠶᠢᠨ᠂ ᠰᠦᠨ ᠵᠢᠶᠦ᠋ᠨ ᠴᠢᠩ᠂ ᠶᠠᠩ ᠸᠧᠢ ᠳ᠋ᠦᠩ᠂ ᠯᠦᠸᠧ ᡁᠢ ᠬᠣ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠢ ᠴᠧᠩ᠂ ᠶᠠᠩ ᠵᠢᠶᠧ᠂ ᠶᠠᠩ ᠭᠦᠸᠧ ᠠᠨ᠂ ᠵᠠᠩ ᠸᠧᠨ ᠬᠤᠢ᠂ ᠶᠠᠩ ᠽᠦᠩ ᠷᠧᠨ᠂ ᠯᠢ ᠶᠦᠩ ᠵᠢᠶᠦ᠋ᠨ᠂ ᠴᠧᠨ ᠯᠦ ᠱᠧᠩ᠂ ᠵᠠᠩ ᠵᠢᠶᠦ᠋ᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 532 ᠬᠥᠮᠦᠨ ᠪᠣᠶ᠂ ᠲᠣᠰ ᠤᠳᠠᠭ᠎ᠠ ᠶᠢᠨ ᠪᠦᠭᠦᠳᠡ ᠬᠤᠷᠠᠯ ᠳᠤ 509 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    ᠦᠳᠡ ᠶᠢᠨ ᠡᠮᠦᠨᠡᠬᠢ 9 ᠴᠠᠭ ᠲᠤ᠂ ᠰᠦᠨ ᠱᠤᠤ ᠴᠧᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠯ᠎ᠠ ᠭᠡᠵᠦ ᠲᠤᠩᠬᠠᠭᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠵᠠᠭᠠᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠠ᠃    ᠸᠠᠩ ᠯᠢ ᠰᠢᠶᠠ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠭᠠᠭᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠪᠠᠷ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ᠨᠦᠬᠦᠭᠡ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠵᠤ᠂ ᠬᠤᠶᠠᠷ ᠶᠡᠭᠡ ᠶᠠᠪᠤᠳᠠᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠦᠨᠡᠨ ᠪᠣᠳᠠᠲᠠᠢ ᠠᠯᠬᠤᠮ ᠠᠯᠬᠤᠪᠠ᠃ ᠡᠶᠢᠮᠦᠷᠬᠦᠦ ᠠᠮᠵᠢᠯᠲᠠ ᠪᠦᠲᠦᠮᠵᠢ ᠶᠢ ᠣᠯᠤᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠠᠶᠠᠯᠠᠯ ᠢ ᠵᠢᠯᠤᠭᠤᠳᠴᠤ᠂ ᠳᠣᠲᠣᠨᠣ ᠪᠠᠷ ᠬᠠᠯᠠᠮᠵᠢᠯᠠᠭᠰᠠᠨ ᠬᠢᠭᠡᠳ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠳᠠᠶᠠᠭᠠᠷ ᠢ ᠬᠦᠲᠦᠯᠦᠨ ᠲᠠᠭᠠᠭᠤᠯᠵᠤ ᠪᠠᠶᠢᠭᠠᠳ ᠪᠦᠯᠬᠦᠮᠳᠡᠨ ᠨᠢᠭᠡᠳᠴᠦ᠂ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠭᠰᠡᠨ ᠳᠤ ᠪᠤᠢ ᠭᠡᠵᠡᠢ᠃    ᠸᠠᠩ ᠯᠢ ᠰᠢᠶᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠶᠢ ᠪᠠᠷᠢᠮᠳᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ᠂ ᠪᠤᠲᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠤ᠂ ︽ᠨᠢᠭᠡ ᠭᠤᠤᠯ ᠰᠢᠵᠢᠮ ᠢ ᠳᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠬ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠬᠡᠪᠡ᠃    ᠸᠠᠩ ᠯᠢ ᠰᠢᠶᠠ ᠢᠯᠡᠳᠭᠡᠯ ᠳᠡᠭᠡᠨ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠪᠠ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠠᠴᠠ ᠳᠡᠭᠡᠭᠰᠢ ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠣᠭᠳᠠᠯ ᠤᠨ ᠡᠷᠴᠢᠮ ᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ᠸᠠᠩ ᠯᠢ ᠰᠢᠶᠠ᠂ ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠨᠢᠬᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ 11 ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠬᠤ ᠭᠡᠷᠡᠭᠳᠠᠢ᠃ ᠬᠤᠶᠠᠷ ᠲᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢ ᠬᠠᠮᠵᠢᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠡᠷᠡᠭᠯᠡᠭᠡ ᠶᠢ ᠬᠥᠭᠵᠢᠭᠡᠬᠦ ᠭᠡᠷᠡᠭᠳᠠᠢ᠃ ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠬᠦ ᠭᠡᠷᠡᠭᠳᠠᠢ᠃ ᠳᠥᠷᠪᠡ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠭᠡᠷᠡᠭᠳᠠᠢ᠃ ᠲᠠᠪᠤ ᠳᠤ᠂ ᠮᠠᠯ ᠠᠵᠤ ᠠᠬᠤᠶ ᠲᠠᠷᠢᠶᠠᠯᠠᠩ ᠢ ᠣᠳᠣᠬᠢᠴᠢᠯᠠᠭᠰᠠᠨ ᠲᠤᠮᠦ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠨ ᠪᠠᠶᠢᠭᠤᠯᠬᠤ ᠬᠡᠷᠡᠭᠲᠡᠶ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠬᠤ ᠭᠡᠷᠡᠭᠳᠠᠢ᠃ ᠳᠣᠯᠤᠭ᠎ᠠ ᠳᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠴᠢᠩᠭ᠎ᠠ ᠠᠳᠬᠤᠵᠤ᠂ ᠦᠨᠡᠨ ᠰᠡᠳᠭᠢᠯ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠭᠡᠷᠡᠭᠳᠠᠢ᠃ ᠨᠠᠢᠮᠠ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠭᠡᠬᠦ ᠭᠡᠷᠡᠭᠳᠠᠢ᠃ ᠶᠢᠰᠦ ᠳᠤ᠂ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠵᠢᠯᠣᠭᠤᠳᠤᠮᠵᠢ ᠪᠣᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠭᠡᠷᠡᠭᠳᠠᠢ᠃ ᠠᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠠᠷᠪᠠᠨ ᠨᠢᠭᠡ ᠳᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠪᠡ᠃    ᠸᠠᠩ ᠯᠢ ᠰᠢᠶᠠ᠂ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠠᠵᠢᠯ ᠪᠣᠯᠭᠠᠨ ᠢ ᠥᠷᠯᠥᠭᠡ ᠦᠳᠡᠰᠢ ᠶᠢ ᠲᠡᠮᠡᠴᠡᠨ ᠰᠠᠶᠢᠲᠤᠷ ᠬᠢᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ᠂ ᠦᠨᠳᠦᠰᠦᠨ ᠱᠠᠲᠤᠨ ᠤ ᠬᠦᠴᠢᠷᠳᠡᠯᠲᠡᠢ ᠶᠠᠪᠤᠳᠠᠯ ᠢ ᠰᠠᠶᠢᠲᠤᠷ ᠰᠶᠢᠳᠪᠦᠷᠢᠯᠡᠵᠦ᠂ ᠮᠠᠨ ᠤ ᠣᠷᠣᠨ ᠤ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠪᠠᠶᠢᠳᠠᠯ ᠢ ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ ᠪᠠᠷ ᠦᠪᠡᠷ ᠢ ᠪᠠᠨ ᠱᠠᠭᠠᠷᠳᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠢ ᠴᠢᠩᠭ᠎ᠠ ᠰᠠᠬᠢᠵᠤ᠂ ᠳᠦᠷᠢᠮ ᠲᠣᠭᠲᠠᠭᠠᠯ ᠢ ᠵᠢᠷᠤᠮᠯᠠᠬᠤ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠪᠡ᠃    ᠸᠠᠩ ᠯᠢ ᠰᠢᠶᠠ᠂ ᠪᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠦᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠬᠥᠮᠥᠰ ᠤᠨ ᠰᠡᠳᠬᠢᠯ ᠳᠤ ᠨᠡᠩ ᠬᠠᠳᠠᠩᠰᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠣᠳᠠᠲᠠᠢ ᠠᠵᠢᠯᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠡ ᠶᠤᠮ ᠪᠣᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠨᠡ ᠬᠦ ᠲᠤᠭ ᠢ ᠨᠡᠩ ᠶᠡᠭᠡ ᠢᠷᠠᠭᠤ ᠠᠯᠳᠠᠷ ᠲᠠᠢ ᠪᠣᠯᠭᠠᠵᠤ ᠴᠢᠳᠠᠬᠤ ᠨᠢ ᠯᠠᠪᠲᠠᠢ ᠶᠤᠮ ᠭᠡᠪᠡ᠃   ᠸᠠᠩ ᠯᠢ ᠰᠢᠶᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠤᠯ ᠲᠡᠮᠡᠴᠡᠵᠦ ᠪᠠᠶᠢᠭᠠᠳ ᠪᠤᠢ ᠪᠤᠯᠭᠠᠭᠰᠠᠨ ᠶᠤᠮ᠂ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ᠶᠢ ᠪᠤᠯ ᠴᠢᠷᠮᠠᠶᠢᠵᠤ ᠪᠠᠶᠢᠭᠠᠳ ᠪᠤᠢ ᠪᠤᠯᠭᠠᠭᠰᠠᠨ ᠶᠤᠮ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠤᠯ ᠠᠵᠢᠯᠯᠠᠵᠤ ᠪᠠᠶᠢᠭᠠᠳ ᠴᠤᠭᠴᠠᠯᠠᠭᠰᠠᠨ ᠶᠤᠮ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ ᠭᠡᠪᠡ᠃    ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2024 ᠣᠨ ᠤ ᠲᠥᠰᠥᠪ ᠢ ᠭᠦᠢᠴᠡᠳᠭᠡᠭᠰᠡᠨ ᠪᠠᠶᠢᠳᠠᠯ ᠪᠠ 2025 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠠᠢ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ ᠬᠢᠪᠡ᠃    ᠬᠠᠤᠯᠢ ᠳᠤ ᠲᠣᠭᠲᠠᠭᠠᠭᠰᠠᠨ ᠰᠤᠯᠠ ᠣᠷᠣᠯᠴᠠᠬᠤ ᠬᠦᠮᠦᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠬᠤ ᠬᠦᠮᠦᠰ ᠪᠤᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号