12 ᠰᠠᠷ᠎ᠠ ᠶᠢᠨ 30 ᠤ ᠡᠳᠦᠷ᠂ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠵᠤ᠂ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠪᠥᠬᠦ ᠤᠯᠤᠰ᠂ ᠪᠥᠬᠦ ᠣᠷᠣᠨ ᠤ ᠠᠷᠠᠳ ᠤᠨ ᠶᠠᠪᠤᠳᠠᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠠᠶᠢᠮᠠᠭ ᠤᠨ ᠠᠷᠠᠳ ᠤᠨ | ᠶᠠᠪᠤᠳᠠᠯ ᠤᠨ ᠬᠦᠷᠢᠶᠡᠨ ᠳᠠᠬᠢ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠢᠦ ᠴᠥᠩ ᠰᠢᠶᠤᠤ ᠬᠤᠷᠠᠯ ᠢ ᠡᠷᠭᠢᠯᠡᠪᠡ᠃ | | | | | | | | | | | | | | | | ᠪᠠᠶ ᠬᠠᠶ ᠯᠢᠨ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ | ᠠᠷᠠᠳ ᠤᠨ ᠰᠡᠳᠬᠢᠯ ᠲᠠᠢ ᠪᠠᠷᠢᠯᠳᠣᠯᠭ᠎ᠠ ᠲᠠᠢ ᠪᠠᠶᠢᠳᠠᠭ᠂ ᠠᠷᠠᠳ ᠲᠦᠮᠡᠨ ᠤ ᠵᠣᠭᠰᠣᠯᠲᠠ ᠳᠤ ᠤᠯᠠᠮ ᠨᠢᠭᠡ | ᠠᠯᠬᠤᠮ ᠪᠠᠲᠤ ᠵᠣᠭᠰᠣᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠨᠡᠶᠢᠭᠡᠮ ᠤᠨ ᠠᠪᠤᠷᠠᠨ ᠲᠤᠰᠠᠯᠠᠬᠤ᠂ | ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ ᠨᠡᠶᠢᠭᠡᠮ ᠤᠨ ᠵᠠᠰᠠᠯᠲᠠ ᠶᠢᠨ ᠠᠵᠢᠯ ᠤᠨ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ | ᠦᠨᠳᠦᠰᠦᠨ ᠵᠦᠢᠯ ᠢ ᠪᠠᠲᠤᠯᠠᠬᠤ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ | ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠬᠦᠴᠦᠯᠡᠨ ᠰᠠᠶᠢᠲᠤᠷ ᠬᠠᠷᠢᠭᠤᠯᠵᠤ᠂ ᠪᠥᠬᠦ | ᠠᠶᠢᠮᠠᠭ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ | | | | | | | | | | | | | | | | | ᠪᠠᠢ ᠬᠠᠢ ᠯᠢᠨ᠂ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ | ᠣᠨᠣᠪᠴᠢᠲᠠᠢ ᠡᠵᠡᠮᠰᠢᠵᠦ᠂ ᠰᠡᠳᠬᠢᠬᠦᠢ ᠶᠢᠨ ᠬᠢᠵᠠᠭᠠᠷᠯᠠᠯ ᠢ ᠡᠪᠳᠡᠵᠦ᠂ ᠠᠵᠢᠯ ᠤᠨ ᠭᠤᠣᠯᠳᠠᠯᠭ᠎ᠠ ᠪᠠᠨ | ᠲᠤᠬᠢᠷᠠᠭᠤᠯᠵᠤ᠂ ᠠᠵᠢᠯ ᠤᠨ ᠠᠷᠭ᠎ᠠ ᠬᠡᠯᠪᠡᠷᠢ ᠶᠢ ᠰᠢᠨᠡᠴᠢᠯᠡᠵᠦ᠂ ᠥᠭᠡᠷᠡᠴᠢᠯᠡᠯᠲᠡ ᠶᠢᠨ ᠠᠷᠭ᠎ᠠ ᠪᠠᠷᠢᠯ ᠢᠶᠠᠷ | ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠡᠶᠢᠭᠡᠮ ᠤᠨ | ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠰ ᠲᠥᠷᠥᠯ ᠬᠤᠪᠢᠶᠠᠨ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠭᠠᠳᠤ ᠵᠠᠬ᠎ᠠ ᠶᠢᠨ | ᠪᠠᠲᠤᠯᠠᠭ᠎ᠠ ᠬᠦᠷᠳᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ ᠤᠨ ᠬᠥᠳᠡᠯᠦᠩᠭᠦᠶ ᠬᠢᠨᠠᠨ ᠬᠡᠮᠵᠢᠯᠲᠡ ᠶᠢ | ᠴᠢᠩᠭᠠᠳᠬᠠᠵᠤ᠂ ᠠᠵᠢᠯ ᠠᠯᠳᠠᠭᠰᠠᠳ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠦᠮᠦᠰ | ᠢ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠵᠡᠮᠳᠡᠭ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ | ᠨᠥᠬᠦᠪᠥᠷᠢ ᠶᠢᠨ ᠪᠠᠯᠠ ᠮᠥᠩᠭᠦ ᠶᠢ ᠣᠯᠭᠤᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ | ᠪᠠᠲᠤᠯᠠᠬᠤ ᠬᠡᠷᠡᠭᠲᠡᠶ᠃ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠮᠠᠯᠵᠢᠬᠤ ᠲᠠᠷᠢᠶᠠᠯᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ | ᠨᠠᠰᠣᠳᠠᠶᠢᠴᠣᠳ ᠤᠨ ᠠᠵᠤ ᠠᠬᠤᠶ︾ ᠶᠢ ᠲᠦᠷᠬᠡᠨ ᠬᠥᠭᠵᠢᠭᠦᠯᠵᠦ᠂ ᠦᠳᠡᠯᠦᠭᠰᠡᠨ ᠴᠣ᠋ ᠠᠰᠠᠷᠠᠮᠵᠢ ᠲᠠᠢ᠂ | ᠦᠳᠡᠯᠦᠭᠰᠡᠨ ᠴᠣ᠋ ᠪᠠᠶᠠᠷ ᠴᠡᠩᠭᠡᠯ ᠲᠠᠢ᠂ ᠦᠳᠡᠯᠦᠭᠰᠡᠨ ᠴᠣ᠋ ᠬᠢᠬᠦ ᠠᠵᠢᠯ ᠲᠠᠢ ᠪᠠᠶᠢᠯᠭᠠᠬᠤ ᠬᠡᠷᠡᠭᠲᠡᠶ᠃ ᠨᠡᠶᠢᠭᠡᠮ ᠤᠨ | ᠬᠡᠷᠡᠭ ᠶᠠᠪᠤᠳᠠᠯ ᠤᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠨᠢᠭᠦᠯᠡᠰᠦᠩᠭᠦᠢ᠂ ᠤᠷᠤᠭ ᠬᠤᠷᠢᠮ ᠬᠡᠦᠬᠡᠳ ᠪᠤᠶᠢᠵᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠯᠠᠪᠳᠠᠭᠤᠨ ᠢᠶᠠᠷ | ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠴᠢᠩᠭ᠎ᠠ | ᠴᠡᠭᠴᠡᠯᠡᠨ ᠵᠠᠰᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠥᠬᠦ ᠬᠦᠴᠦᠨ ᠢᠶᠠᠷ ᠢᠶᠠᠨ ᠠᠷᠢᠯᠭᠠᠵᠤ᠂ | ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭᠠᠳᠬᠠᠨ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠠᠮᠤᠷ ᠲᠦᠪᠰᠢᠨ ᠤ ᠬᠤᠷᠢᠭ᠎ᠠ | ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠬᠡᠵᠦ ᠴᠢᠬᠤᠯᠠᠴᠢᠯᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ | |