12 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ | ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠨᠢ | ᠪᠦᠬᠦ ᠲᠠᠯ᠎ᠠ ᠠᠴᠠ ᠪᠣᠳᠣᠯᠬᠢᠯᠠᠨ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠤᠭᠰᠠᠨ ᠨᠢ ᠪᠢᠳᠡᠨ ᠤ | ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠯᠠᠱᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠳᠤ ᠴᠢᠬᠤᠯᠠ ᠵᠢᠯᠣᠭᠤᠳᠬᠤ ᠠᠴᠢ | ᠬᠤᠯᠪᠣᠭᠳᠠᠯ ᠲᠠᠢ ᠶᠤᠮ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ | ᠪᠠ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠵᠦ᠂ ︽ᠨᠢᠬᠡ ᠭᠤᠣᠯ ᠰᠢᠵᠢᠮ ᠢ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ | ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠳᠦᠪᠰᠢᠨ ᠳᠤ | ᠣᠷᠣᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠯᠠᠱᠠ ᠳᠤ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠰᠠᠶᠢᠲᠤᠷ | ᠠᠳᠬᠤᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠢᠷᠡᠬᠦ ᠵᠢᠯ ᠤᠨ ᠠᠵᠤ ᠠᠬᠤᠶ ᠶᠢᠨ ᠠᠵᠢᠯ ᠢ ᠭᠦᠨᠵᠡᠭᠡᠶ | ᠰᠦᠪᠡᠭᠴᠢᠯᠡᠨ ᠪᠣᠳᠠᠲᠠᠶ ᠲᠥᠯᠥᠪᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢᠨ ᠭᠤᠤᠯᠳᠠᠯᠭ᠎ᠠ ᠲᠠᠢ ᠡᠭᠦᠷᠭᠡ ᠶᠢᠨ | ᠨᠠᠷᠢᠨ ᠲᠠᠩᠰᠠ ᠪᠠ ᠬᠡᠷᠡᠭᠵᠢᠭᠦᠯᠬᠦ ᠲᠥᠰᠦᠯ ᠢ ᠱᠠᠯᠠᠪᠳᠠᠨ ᠪᠦᠷᠢᠯᠳᠦᠭᠦᠯᠵᠦ᠂ ᠤᠷᠢᠳᠠᠪᠠᠷ ᠠᠵᠢᠯ ᠢᠶᠠᠨ ᠡᠬᠢᠯᠡᠭᠦᠯᠵᠦ᠂ | ᠪᠣᠳᠠᠲᠠᠶ ᠠᠵᠢᠯ ᠤᠨ ᠳᠤᠮᠳᠠ ᠪᠠᠨ ᠢᠵᠢ ᠪᠥᠷᠢᠳᠦᠭᠦᠯᠬᠦ ᠠᠴᠢᠶᠠᠯᠠᠪᠤᠷᠢ ᠪᠠ ᠪᠣᠳᠠᠲᠠᠶ ᠭᠠᠷᠳᠠᠴᠠ ᠶᠢ ᠣᠨᠣᠪᠴᠢᠲᠠᠶ | ᠡᠷᠢᠵᠤ᠂ ᠳᠠᠪᠠᠭᠤᠯᠢᠭ ᠲᠠᠭᠠᠨ ᠰᠠᠭᠤᠷᠢᠯᠠᠨ᠂ ᠠᠵᠠ ᠲᠣᠬᠢᠶᠠᠯ ᠢ ᠠᠮᠵᠢᠨ᠂ ᠢᠳᠡᠪᠬᠢᠲᠡᠶ ᠪᠠᠷ ᠠᠵᠢᠯᠯᠠᠵᠤ᠂ | ᠲᠣᠭᠲᠠᠭᠠᠭᠰᠠᠨ ᠶᠠᠪᠤᠳᠠᠯ ᠢ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠨᠢᠭᠡᠳ ᠨᠢᠭᠡ ᠪᠠᠷ ᠠᠬᠢᠴᠠ ᠶᠢ | ᠳᠠᠭᠠᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ |