12 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠦᠰ ᠤᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠶᠢᠮᠠᠭ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ 2024 ᠣᠨ ᠤ | ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠣᠯᠠᠨ ᠤ ᠪᠥᠬᠦ ᠠᠶᠢᠮᠠᠭ ᠤᠨ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠰᠠᠨᠠᠯ | ᠰᠠᠨᠠᠭᠤᠯᠭ᠎ᠠ ᠶᠢ ᠬᠤᠷᠢᠶᠠᠵᠤ᠂ ᠨᠠᠮ ᠤᠨ ᠭᠠᠳᠠᠨᠠᠬᠢ ᠬᠥᠮᠦᠰ ᠲᠠᠢ ᠬᠠᠮᠲᠤᠷᠠᠨ ᠠᠵᠢᠯᠯᠠᠵᠤ᠂ ᠬᠥᠭᠵᠢᠯᠲᠡ ᠶᠢᠨ ᠶᠡᠭᠡ | ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ | ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ | ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠪᠠ᠃ | | | | | | | | | | | | ᠬᠤᠷᠠᠯ ᠳᠤ 2024 ᠣᠨ ᠤ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠠᠯᠠᠱᠠ ᠠᠶᠢᠮᠠᠭ ᠤᠨ ᠦᠨᠳᠦᠰᠦᠨ ᠱᠠᠲᠤᠨ ᠤ ᠬᠤᠷᠢᠶᠠᠨ ᠤ | ᠳᠡᠳ᠋ ᠡᠷᠬᠢᠯᠡᠭᠴᠢ ᠭᠡᠰᠢᠭᠦᠨ ᠸᠠᠩ ᠳ᠋ᠦᠩ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠡᠷᠬᠢᠯᠡᠭᠴᠢ | ᠭᠡᠰᠢᠭᠦᠨ ᠯᠢ ᠢ ᠰᠢᠶᠠ᠂ ᠠᠷᠠᠳᠴᠢᠯᠠᠭᠰᠠᠨ ᠬᠤᠯᠪᠣᠭ᠎ᠠ ᠶᠢᠨ ᠠᠯᠠᠱᠠ ᠶᠢᠨ ᠳᠤᠭᠤᠶᠢᠯᠠᠩ ᠤᠨ ᠳᠠᠷᠤᠭ᠎ᠠ ᠯᠢᠶᠠᠩ | ᠱᠸᠦ ᠬᠤᠸᠠ᠂ ᠠᠷᠠᠳᠴᠢᠯᠠᠯ ᠢᠶᠠᠷ ᠠᠬᠢᠭᠤᠯᠬᠤ ᠬᠤᠷᠢᠶᠠᠨ ᠤ ᠠᠯᠠᠱᠠ ᠶᠢᠨ ᠳᠤᠭᠤᠶᠢᠯᠠᠩ ᠤᠨ ᠳᠠᠷᠤᠭ᠎ᠠ ᠼᠦᠢ ᠳ᠋ᠧ | ᠴᠢᠤᠸᠠᠨ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠳᠤᠭᠤᠶᠢᠯᠠᠩ ᠤᠨ ᠱᠦᠵᠢ | ᠪᠠᠶ ᠵᠢᠤᠢ᠂ ᠠᠯᠠᠱᠠ ᠶᠢᠨ ᠨᠠᠮ ᠤᠨ ᠭᠠᠳᠠᠨᠠᠬᠢ ᠰᠡᠬᠡᠭᠡᠲᠡᠨ ᠤ ᠨᠦᠬᠦᠷᠰᠡᠭ ᠨᠡᠶᠢᠭᠡᠮᠯᠢᠭ ᠤᠨ ᠳᠡᠳ᠋ ᠳᠠᠷᠤᠭ᠎ᠠ | ᠪᠤᠶᠠᠨ᠋ᠧᠴᠢᠷ᠂ ᠠᠯᠠᠱᠠ ᠶᠢᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠨᠡᠶᠢᠭᠡᠮᠯᠢᠭ ᠤᠨ | ᠳᠠᠷᠤᠭ᠎ᠠ ᠶᠠᠩ ᠺᠠᠢ᠂ ᠠᠯᠠᠱᠠ ᠶᠢᠨ ᠭᠠᠳᠠᠭᠠᠳᠣ ᠳᠤ ᠰᠣᠷᠣᠯᠴᠠᠭᠰᠠᠳ ᠤᠨ ᠨᠥᠬᠦᠷᠯᠡᠯ ᠤᠨ ᠨᠡᠶᠢᠭᠡᠮᠯᠢᠭ ᠤᠨ | ᠳᠠᠷᠤᠭ᠎ᠠ ᠯᠢ ᠶᠢᠨ ᠰᠢᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠬᠦ ᠶᠢᠨ ᠬᠠᠮᠲᠤ | ᠢᠷᠡᠬᠦ ᠵᠢᠯ ᠤᠨ ᠠᠵᠤ ᠠᠬᠤᠶ ᠶᠢᠨ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃ | | | | | | | | | | | | | | | | ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠪᠠᠢ ᠬᠠᠢ ᠯᠢᠨ᠂ ᠤᠯᠠᠨ ᠤ ᠪᠠᠶᠢᠴᠠᠭᠠᠨ | ᠰᠤᠳᠤᠯᠤᠯᠲᠠ ᠮᠠᠰᠢ ᠪᠠᠲᠤᠲᠠᠢ ᠪᠠᠶᠢᠵᠤ᠂ ᠳᠤᠷᠠᠳᠤᠭᠰᠠᠨ ᠰᠠᠨᠠᠯ ᠰᠠᠨᠠᠭᠤᠯᠭ᠎ᠠ ᠨᠢ ᠮᠠᠰᠢ ᠦᠨ᠎ᠡ ᠦᠷᠳᠡᠭ ᠲᠠᠢ᠂ | ᠪᠢᠳᠡ ᠢᠷᠡᠬᠦ ᠵᠢᠯ ᠤᠨ ᠠᠵᠤ ᠠᠬᠤᠢ ᠶᠢᠨ ᠠᠵᠢᠯ ᠢ ᠲᠥᠯᠥᠪᠵᠢᠭᠦᠯᠬᠦ ᠳᠡᠭᠡᠨ ᠭᠦᠢᠴᠡᠳ ᠰᠤᠳᠤᠯᠤᠨ ᠰᠢᠩᠭᠡᠭᠡᠨ | ᠠᠪᠤᠨ᠎ᠠ᠃ ᠣᠯᠠᠨ ᠢᠶᠠᠷ ᠢᠶᠠᠨ ᠠᠯᠠᠱᠠ ᠶᠢᠨ ᠪᠠᠶᠢᠭᠤᠯᠤᠯᠲᠠ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ | ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠠᠯᠠᠱᠠ ᠶᠢᠨ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠶᠢ ᠬᠦᠰᠡᠵᠦ | ᠪᠠᠶᠢᠨ᠎ᠠ ᠬᠡᠪᠡ᠃ | ᠪᠠᠶ ᠬᠠᠶ ᠯᠢᠨ᠂ ᠡᠨᠡ ᠵᠢᠯ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠪᠠ ︽ᠨᠢᠭᠡ ᠳᠠᠪᠤ ᠲᠤᠯᠤᠭ᠎ᠠ︾ ᠶᠢᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠨᠢ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠬᠦᠴᠦᠲᠡᠢ ᠳᠡᠮᠵᠢᠯᠭᠡ ᠪᠠ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠢᠷᠡᠬᠦ ᠵᠢᠯ ᠤᠨ ᠠᠵᠢᠯ ᠳᠤ᠂ | ᠤᠯᠠᠨ ᠢᠶᠠᠷ ᠢᠶᠠᠨ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠰᠢᠵᠦ᠂ ᠡᠷᠴᠢ ᠵᠣᠷᠢᠭ ᠢᠶᠠᠨ ᠬᠥᠪᠴᠢᠯᠡᠵᠦ᠂ | ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ ᠥᠷᠭᠡᠨ ᠳᠡᠯᠭᠡᠷ | ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ | ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠨᠡᠩ ᠤᠯᠠᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ | ᠠᠬᠢᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠪᠠ ᠬᠥᠭᠵᠢᠯᠲᠡ ᠳᠤ | ᠦᠢᠯᠡᠴᠢᠯᠡᠬᠦ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ | ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠠᠵᠢᠯ ᠢ ᠳᠡᠮᠵᠢᠵᠦ᠂ ᠨᠠᠮ ᠤᠨ ᠭᠠᠳᠠᠨᠠᠬᠢ ᠬᠥᠮᠦᠰ ᠤᠨ | ᠦᠢᠯᠡᠳᠦᠯ ᠢᠶᠠᠨ ᠪᠠᠳᠠᠷᠠᠭᠤᠯᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠲᠠᠪᠴᠠᠩ ᠪᠠᠶᠢᠭᠤᠯᠤᠨ ᠥᠭᠴᠦ᠂ | ᠪᠠᠲᠤᠯᠠᠭ᠎ᠠ ᠬᠠᠩᠭᠠᠨ᠎ᠠ ᠬᠡᠪᠡ᠃ | ᠠᠶᠢᠮᠠᠭ ᠤᠨ ᠤᠳᠤᠷᠢᠳᠤᠯᠭ᠎ᠠ ᠸᠠᠩ ᠬᠠᠢ ᠢᠦᠢ᠂ ᠶᠠᠩ ᠬᠠᠢ᠂ ᠪᠦᠦ ᠶᠧ ᠬᠤᠷᠠᠯ ᠳᠤ ᠣᠷᠣᠯᠴᠠᠪᠠ᠃ |