12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ | ᠤᠯᠤᠰ ᠤᠨ ᠴᠠᠬᠢᠯᠭᠠᠨ ᠲᠣᠣᠷ ᠤᠨ ᠬᠢᠵᠠᠭᠠᠷᠲᠤ ᠺᠣᠮᠫᠠᠨᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠰᠠᠨᠠᠮᠵᠢ ᠶᠢᠨ | ᠪᠢᠴᠢᠭ ᠲᠤ ᠭᠠᠷ ᠤᠨ ᠦᠰᠦᠭ ᠵᠢᠷᠤᠪᠠ᠃ ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠬᠥᠬᠡᠬᠤᠲᠠ ᠳᠤ ᠤᠯᠤᠰ ᠤᠨ ᠴᠠᠬᠢᠯᠭᠠᠨ ᠲᠣᠣᠷ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠭᠠᠩ ᠲᠠᠢ ᠠᠭᠤᠯᠵᠠᠪᠠ᠃ | ᠠᠭᠤᠯᠵᠠᠯᠲᠠ ᠳᠤ᠂ ᠰᠦᠨ ᠱᠤᠤ ᠴᠧᠩ ᠵᠠᠩ ᡁᠢ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ | ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠵᠢᠴᠢ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠦᠬᠦᠮ | ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠬᠥᠭᠵᠢᠯᠲᠡ ᠶᠢᠨ ᠰᠡᠳᠭᠢᠴᠡ ᠮᠠᠰᠢ ᠲᠣᠳᠣᠷᠬᠠᠢ᠂ ᠳᠠᠷᠤᠢ | ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠬᠤᠶᠠᠷ ᠶᠡᠭᠡ ᠶᠠᠪᠤᠳᠠᠯ ᠢ ᠦᠷᠭᠦᠯᠵᠢᠯᠡᠨ | ᠬᠦᠴᠦᠯᠡᠨ ᠰᠠᠶᠢᠲᠤᠷ ᠬᠢᠨ᠎ᠠ᠃ ᠪᠤᠳᠠᠳᠠᠢ ᠪᠠᠷ ᠬᠡᠯᠡᠪᠡᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ᠂ | ᠢᠷᠡᠬᠦ ᠵᠢᠯ ᠤᠨ ᠭᠤᠣᠯᠳᠠᠯᠭ᠎ᠠ ᠪᠣᠯ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠬᠦ ᠶᠠᠪᠤᠳᠠᠯ ᠪᠣᠯᠤᠨ᠎ᠠ᠃ ᠥᠪᠥᠷ ᠮᠣᠩᠭᠤᠯ ᠤᠨ ᠠᠵᠤ ᠠᠬᠤᠶ ᠶᠢᠨ ᠨᠡᠮᠡᠭᠳᠡᠯ ᠭᠤᠤᠯᠳᠠᠭᠤ | ᠪᠠᠯᠠ ᠣᠷᠣᠭᠤᠯᠤᠯᠲᠠ ᠳᠤ ᠲᠦᠰᠢᠭᠯᠡᠨ᠎ᠡ᠂ ᠳᠠᠷᠠᠭ᠎ᠠ ᠵᠢᠯ ᠪᠢᠳᠡ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ | ᠲᠦᠯᠦᠪᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠬᠦᠷᠢᠶᠡᠨ ᠤ ᠲᠥᠷᠥᠯ ᠵᠦᠢᠯ ᠢ ᠲᠣᠪᠤᠶᠢᠮ᠎ᠠ | ᠰᠠᠶᠢᠲᠤᠷ ᠠᠳᠬᠤᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠤᠨ᠎ᠠ᠃ ᠤᠯᠤᠰ ᠤᠨ ᠴᠠᠬᠢᠯᠭᠠᠨ ᠲᠣᠣᠷ ᠤᠨ | ᠺᠤᠮᠫᠠᠨᠢ ᠶᠢᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠵᠦ | ᠲᠡᠶᠢᠯᠬᠦ ᠠᠵᠢᠯ ᠢᠶᠠᠨ ᠱᠠᠯᠠᠪᠳᠠᠨ ᠬᠢᠬᠦ ᠶᠢ ᠬᠦᠰᠡᠵᠦ ᠪᠠᠶᠢᠨ᠎ᠠ᠃ ᠵᠥᠪᠯᠡᠨ ᠲᠣᠭᠲᠠᠭᠰᠠᠨ ᠬᠠᠮᠲᠤᠷᠠᠯᠴᠠᠭᠠᠨ ᠤ ᠬᠡᠷᠡᠭ | ᠶᠠᠪᠤᠳᠠᠯ ᠳᠤ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠪᠠᠨ ᠨᠡᠮᠡᠭᠳᠡᠭᠦᠯᠵᠦ᠂ ᠢᠯᠡᠭᠦᠬᠡᠨ ᠵᠣᠯᠭᠠᠭᠤᠯᠵᠤ᠂ | ᠠᠵᠢᠯᠯᠠᠬᠤ ᠶᠢᠨ ᠳᠠᠭᠠᠤ ᠬᠠᠮᠲᠤ ᠶᠢᠨ ᠲᠠᠨᠢᠯᠲᠠ ᠪᠠᠨ ᠥᠷᠭᠡᠳᠭᠡᠵᠦ᠂ ᠬᠠᠮᠲᠤ ᠪᠠᠷ ᠠᠰᠢᠭ ᠬᠦᠷᠳᠡᠬᠦ | ᠬᠥᠭᠵᠢᠯᠲᠡ ᠶᠢᠨ ᠰᠢᠨ᠎ᠡ ᠣᠷᠣᠨ ᠵᠠᠢ ᠶᠢ ᠲᠠᠰᠤᠷᠠᠯᠳᠠ ᠦᠭᠡᠢ ᠥᠷᠭᠡᠳᠭᠡᠶ᠎ᠡ᠃ ᠪᠢᠳᠡ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ | ᠲᠠᠷᠠᠭᠠᠴᠢ ᠶᠢᠨ ᠠᠯᠬᠤᠮ ᠳᠤ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠢᠭᠯᠡᠭᠦᠯᠦᠨ ᠲᠤᠰᠬᠠᠶ | ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠡᠭᠦᠨ ᠢᠶᠠᠷ ᠲᠦᠰᠢᠭ ᠪᠣᠯᠭᠠᠨ ᠥᠨᠳᠥᠷ ᠪᠦᠲᠦᠮᠵᠢᠲᠡᠶ ᠳᠥᠭᠦᠮ | ᠳᠥᠲᠡ ᠦᠢᠯᠡᠴᠢᠯᠡᠭᠡ ᠬᠠᠩᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠪᠠᠯᠠ | ᠣᠷᠣᠭᠤᠯᠤᠨ ᠬᠥᠭᠵᠢᠬᠦ ᠳᠤ ᠨᠠᠩ ᠰᠠᠶᠢᠨ ᠬᠦᠴᠦᠨ ᠨᠡᠮᠡᠷᠢᠯᠡᠬᠦ ᠪᠣᠯᠤᠨ᠎ᠠ ᠭᠡᠵᠦ ᠬᠡᠯᠡᠪᠡ᠃ | ᠵᠠᠩ ᡁᠢ ᠭᠠᠩ ᠥᠪᠥᠷ ᠮᠣᠩᠭᠤᠯ ᠤᠨ ᠤᠷᠳᠤ ᠬᠤᠭᠤᠴᠠᠭᠠᠨ ᠤ ᠲᠤᠷᠰᠢ ᠤᠯᠤᠰ ᠤᠨ ᠴᠠᠬᠢᠯᠭᠠᠨ ᠲᠣᠣᠷ ᠤᠨ | ᠺᠣᠮᠫᠠᠨᠢ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠳᠤ ᠪᠠᠶᠠᠷ ᠬᠦᠷᠭᠡᠪᠡ᠃ | ᠲᠡᠷᠡ᠂ ᠥᠪᠥᠷ ᠮᠣᠩᠭᠤᠯ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠ ᠰᠢᠨ᠎ᠡ ᠡᠨᠧᠷᠭᠢ ᠶᠢᠨ ᠬᠥᠭᠵᠢᠯᠲᠡ ᠶᠢᠨ | ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠤᠯᠤᠰ ᠤᠨ ᠴᠠᠬᠢᠯᠭᠠᠨ ᠲᠤᠤᠷ ᠤᠨ ᠺᠣᠮᠫᠠᠨᠢ ᠲᠣᠰ ᠪᠡᠶ᠎ᠡ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠪᠥᠲᠥᠭᠡᠨ | ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠬᠡᠷᠡᠭᠴᠡᠭᠡ ᠲᠠᠢ | ᠢᠳᠡᠪᠬᠢᠲᠡᠶ ᠵᠣᠯᠭᠠᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠥᠬᠦ | ᠬᠦᠴᠦᠨ ᠢᠶᠠᠷ ᠰᠢᠯᠢᠳᠡᠭ ᠦᠢᠯᠡᠴᠢᠯᠡᠭᠡ ᠬᠠᠩᠭᠠᠵᠤ᠂ ᠥᠪᠥᠷ ᠮᠣᠩᠭᠤᠯ ᠤᠨ ᠡᠬᠢ ᠪᠠᠶᠠᠯᠢᠭ ᠤᠨ | ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠪᠦᠬᠦ ᠬᠦᠴᠦᠨ ᠢᠶᠠᠷ ᠢᠶᠠᠨ | ᠲᠤᠰᠠᠯᠠᠨ᠎ᠠ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠤᠯᠤᠰ ᠤᠨ | ᠴᠠᠬᠢᠯᠭᠠᠨ ᠲᠣᠣᠷ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ | ᠳᠡᠳ᠋ ᠱᠦᠵᠢ ᠫᠠᠩ ᠰᠢᠶᠤᠤ ᠭᠠᠩ ᠠᠵᠢᠯᠯᠠᠭ᠎ᠠ ᠳᠤ ᠣᠷᠣᠯᠴᠠᠵᠠᠢ᠃ |