12 ᠰᠠᠷ᠎ᠠ ᠶᠢᠨ 30 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ | ᠬᠤᠪᠢᠶᠠᠷᠢᠯᠠᠯ ᠤᠨ ᠲᠥᠰᠦᠯ ᠢ ᠰᠤᠳᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠢᠷᠡᠬᠦ ᠵᠢᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠯᠤᠭ᠎ᠠ | ᠨᠢᠭᠡᠳᠭᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡ ᠶᠢ ᠭᠥᠯᠢᠶᠡᠨ ᠠᠪᠴᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ | ᠲᠣᠭᠲᠠᠭᠠᠵᠤ᠂ ᠡᠯ᠎ᠡ ᠵᠦᠢᠯ ᠤᠨ ᠠᠵᠢᠯ ᠢ ᠬᠦᠴᠦᠲᠡᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ᠃ | ᠪᠣᠳᠠᠲᠠᠶ ᠬᠡᠷᠡᠭᠵᠢᠭᠦᠯᠬᠦ ᠲᠥᠰᠦᠯ ᠢ ᠲᠤᠰ ᠲᠤᠰ ᠲᠤᠨᠢ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠨ᠂ ︽ᠣᠷᠢᠳᠡᠪᠡᠷ ᠲᠠᠶᠢᠯᠠᠯᠳᠤᠭᠠᠨ ᠢᠶᠠᠨ | ᠡᠬᠢᠯᠡᠬᠦᠯᠬᠦ︾ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ | ᠰᠤᠷᠤᠯᠭ᠎ᠠ ᠶᠢᠨ ᠰᠦᠢᠳᠭᠡᠯ ᠢ ᠲᠠᠯᠠᠭᠠᠷ ᠲᠤᠰᠢᠶᠠᠵᠤ ᠪᠣᠯᠬᠤ ᠦᠭᠡᠢ︾᠂ ᠤᠷᠢᠳᠴᠢᠯᠠᠨ ᠰᠡᠷᠭᠡᠶᠢᠯᠡᠬᠦ ᠶᠢ | ᠴᠢᠬᠤᠯᠠᠴᠢᠯᠠᠬᠤ᠂ ᠰᠠᠭᠤᠷᠢ ᠶᠢ ᠴᠢᠩᠭᠠᠳᠬᠠᠬᠤ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠴᠢᠳᠠᠪᠤᠷᠢ ᠶᠢ | ᠴᠢᠩᠭᠠᠳᠬᠠᠬᠤ ᠵᠡᠷᠭᠡ ᠲᠦᠷᠪᠡᠨ ᠵᠠᠩᠭᠢᠯᠠᠭ᠎ᠠ ᠶᠢ ᠴᠢᠩᠭ᠎ᠠ ᠠᠳᠬᠤᠵᠤ᠂ ᠮᠥᠨ ᠴᠢᠨᠠᠷ ᠤᠨ ᠠᠮᠤᠷ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ︔ ᠬᠤᠷᠠᠯ ᠠᠴᠠ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ᠂ | ︽ᠣᠶᠤᠨᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ︾ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ | ᠰᠠᠨᠠᠯ ᠢ ᠰᠤᠳᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ᠂ ᠭᠠᠮᠰᠢᠭ ᠠᠳᠡᠯ ᠢ | ᠰᠢᠢᠳᠪᠦᠷᠢᠯᠡᠬᠦ᠂ ᠲᠤᠯᠭᠠᠭᠤᠷᠢᠯᠠᠯ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ | ᠰᠠᠶᠢᠲᠤᠷ ᠠᠳᠬᠤᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠳᠤᠲᠠᠭᠤᠳᠠᠯ ᠢ | ᠲᠦᠷᠭᠡᠨ ᠨᠥᠬᠦᠪᠥᠷᠢᠯᠡᠬᠦ ᠬᠡᠷᠡᠭᠲᠡᠶ᠃ ︽ᠶᠢᠰᠦᠨ ᠵᠢᠵᠢᠭ ᠲᠠᠯᠠᠪᠤᠷ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠦᠨ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠳᠡᠯ | ᠭᠠᠷᠬᠤ ᠶᠢ ᠪᠦᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ | ᠵᠢᠯᠣᠭᠤᠳᠬᠤ ᠰᠠᠨᠠᠯ ᠢ ᠰᠤᠳᠤᠯᠵᠤ᠂ ᠪᠦᠬᠦ ᠣᠷᠣᠨ ᠤ ᠡᠯ᠎ᠠ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠶᠢᠰᠦᠨ ᠶᠡᠭᠡ ᠠᠵᠤ ᠦᠢᠯᠡᠰ ᠤᠨ ᠪᠦᠯᠦᠭᠵᠢᠯ ᠢ ᠰᠠᠶᠢᠲᠤᠷ ᠲᠥᠯᠥᠪᠵᠢᠭᠦᠯᠵᠦ᠂ ᠬᠡᠯᠬᠢᠶ᠎ᠡ ᠶᠢ | ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ ᠪᠣᠳᠠᠲᠠᠢ ᠬᠢᠵᠦ᠂ ᠥᠪᠥᠷ | ᠮᠣᠩᠭᠤᠯ ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠬᠤᠭᠤᠯᠠᠨ ᠤ | ᠨᠥᠬᠦᠪᠥᠷᠢ᠂ ᠵᠠᠮ ᠬᠠᠷᠢᠯᠴᠠᠭ᠎ᠠ᠂ ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢ ᠲᠣᠬᠢᠷᠠᠭᠤᠯᠬᠤ ᠰᠠᠨᠠᠭᠤᠯᠭ᠎ᠠ ᠶᠢᠨ | ᠲᠥᠰᠦᠯ ᠢ ᠬᠢᠨᠠᠨ ᠵᠦᠪᠯᠡᠵᠤ ᠪᠠᠲᠤᠯᠠᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ | ᠲᠥᠯᠥᠪᠵᠢᠬᠦᠯᠤᠨ ᠬᠠᠮᠢᠶᠠᠷᠬᠤ ᠳᠤ ᠣᠷᠣᠭᠤᠯᠤᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ ᠡᠮᠨᠡᠯᠭᠡ ᠳᠤ | ᠰᠠᠭᠤᠵᠤ ᠡᠮᠨᠡᠭᠦᠯᠬᠦ ᠬᠤᠭᠤᠴᠠᠭᠠᠨ ᠳᠠᠬᠢ ᠡᠯ᠎ᠡ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ | ᠬᠤᠷᠠᠯ ᠠᠴᠠ ᠪᠠᠰᠠ 2025 ᠣᠨ ᠤ ᠪᠥᠬᠦ ᠣᠷᠣᠨ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠲᠥᠰᠦᠪ ᠤᠨ ᠲᠣᠬᠢᠷᠠᠭᠤᠯᠤᠯᠲᠠ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠴᠡᠪᠡᠷᠯᠡᠬᠦ ᠵᠡᠷᠭᠡ ᠵᠦᠢᠯ ᠢ ᠰᠤᠳᠤᠯᠵᠠᠢ᠃ | ᠬᠤᠷᠠᠯ ᠠᠴᠠ᠂ ︽ᠰᠢᠨ᠎ᠡ ᠵᠢᠯ ᠴᠠᠭᠠᠨ ᠰᠠᠷ᠎ᠠ︾ ᠤᠳᠠᠯ ᠥᠬᠡᠶ ᠬᠦᠷᠴᠦ ᠢᠷᠡᠬᠦ ᠪᠣᠯᠤᠯ᠎ᠠ᠂ ᠰᠢᠨ᠎ᠡ ᠵᠢᠯ | ᠴᠠᠭᠠᠨ ᠰᠠᠷ᠎ᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠪᠠᠲᠤᠯᠠᠭ᠎ᠠ ᠬᠠᠩᠭᠠᠯᠭ᠎ᠠ᠂ ᠵᠥᠷᠢᠴᠡᠯ ᠵᠠᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ᠂ ᠵᠢᠵᠢᠭᠦᠷᠯᠡᠨ ᠰᠠᠬᠢᠬᠤ | ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠰᠡᠳᠬᠢᠯ | ᠳᠠᠭᠠᠯᠠᠮᠵᠢᠳᠠᠢ ᠪᠠᠷ ᠥᠩᠭᠡᠷᠡᠭᠦᠯᠬᠦ ᠶᠢ ᠪᠠᠳᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ |