ᠰᠦᠨ ᠱᠤᠤ ᠴᠧᠩ ᠣᠶ ᠰᠢᠭᠤᠶ ᠨᠤᠳᠤᠭ ᠪᠡᠯᠴᠢᠭᠡᠷ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/2
    12 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ︽ᠤᠮᠠᠷᠠᠳᠤ ᠶᠢᠨ ᠭᠤᠷᠪᠡᠨ ᠤᠷᠤᠨ︾ ᠤ ᠢᠨᠵᠧᠨᠧᠷᠢᠩ ᠤᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠰᠦᠨ ᠱᠤᠤ ᠴᠧᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠯᠡᠰᠦᠷᠬᠡᠭ ᠭᠠᠵᠠᠷ ᠤᠨ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠬᠤ ᠪᠠ ᠪᠤᠶᠢᠵᠢᠭᠤᠯᠬᠤ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠬᠦᠷᠴᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠡᠷᠭᠡᠵᠢᠯ ᠤᠨ ᠰᠤᠳᠤᠯᠭᠠᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠤᠢ ᠰᠢᠭᠤᠢ ᠨᠤᠲᠤᠭ ᠪᠡᠯᠴᠢᠭᠡᠷ ᠤᠨ ᠪᠦᠲᠦᠭᠡᠭᠳᠡᠬᠦᠨ ᠤ ᠰᠤᠳᠤᠯᠭᠠᠨ ᠵᠢᠴᠢ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠠᠷᠢᠮ ᠬᠠᠯᠠᠮᠵᠢᠯᠠᠨ ᠠᠩᠬᠠᠷᠴᠤ ᠪᠠᠶᠢᠭ᠎ᠠ ᠶᠠᠪᠤᠳᠠᠯ ᠤᠨ ᠳᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠭᠦᠨᠵᠡᠭᠡᠢ ᠰᠣᠯᠢᠯᠴᠠᠪᠠ᠃    ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠨᠢᠭᠡ ᠭᠤᠤᠯ ᠰᠢᠵᠢᠮ︾᠂ ︽ᠬᠤᠶᠠᠷ ᠶᠡᠭᠡ ᠶᠠᠪᠤᠳᠠᠯ︾᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠵᠢᠷᠭᠤᠭᠠᠨ ᠠᠵᠢᠯᠯᠠᠭ᠎ᠠ︾ ᠵᠡᠷᠭᠡ ᠨᠢ ᠴᠥᠮ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠶ ᠰᠡᠳᠭᠢᠴᠡ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠤᠨ᠎ᠠ᠂ ᠪᠢᠳᠡ ᠡᠷᠬᠡᠪᠰᠢ ᠠᠵᠢᠯ ᠢᠶᠠᠨ ᠲᠡᠷᠢᠭᠦᠨ ᠳᠤ ᠲᠠᠯᠪᠢᠵᠤ᠂ ᠴᠤᠴᠠᠯᠲᠠ ᠥᠬᠡᠶ ᠠᠳᠬᠤᠵᠤ᠂ ᠰᠡᠳᠭᠢᠴᠡ ᠪᠠᠨ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠬᠡᠯᠡᠪᠡ᠃    ᠰᠦᠨ ᠱᠤᠤ ᠴᠧᠩ᠂ ︽ᠵᠢᠷᠭᠤᠭᠠᠨ ᠠᠵᠢᠯᠯᠠᠭ᠎ᠠ︾ ᠨᠢ ᠰᠢᠰᠲ᠋ᠧᠮ ᠨᠢᠭᠡ ᠪᠦᠷᠢ᠂ ᠠᠵᠢᠯ ᠳᠦᠷᠦᠯ ᠨᠢᠭᠡ ᠪᠦᠷᠢ ᠲᠠᠢ ᠨᠢᠭᠲᠠ ᠬᠤᠯᠪᠣᠭ᠎ᠠ ᠲᠠᠢ ᠶᠤᠮ᠂ ᠡᠯ᠎ᠡ ᠰᠠᠯᠠᠭ᠎ᠠ ᠮᠥᠴᠢᠷ ᠡᠯ᠎ᠡ ᠰᠢᠰᠲ᠋ᠧᠮ ᠡᠯ᠎ᠡ ᠨᠢᠭᠡᠴᠡ ᠶᠢᠨ ᠬᠢᠨ ᠳᠦᠷᠦᠯ ᠵᠦᠢᠯ ᠢ ᠵᠢᠷᠤᠵᠤ ᠲᠥᠯᠥᠪᠯᠡᠬᠦ᠂ ᠠᠵᠢᠯ ᠢᠶᠠᠨ ᠪᠠᠶᠢᠷᠢᠯᠠᠭᠤᠯᠬᠤ ᠳᠠᠭᠠᠨ ᠪᠦᠷ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ᠂ ᠪᠤᠰᠤᠳ ᠰᠠᠯᠠᠭ᠎ᠠ ᠮᠥᠴᠢᠷ ᠯᠦᠭᠡ ᠢᠳᠡᠪᠬᠢᠲᠡᠢ ᠬᠠᠮᠵᠢᠯᠴᠠᠨ ᠠᠵᠢᠯ ᠢᠶᠠᠨ ᠰᠠᠶᠢᠲᠤᠷ ᠬᠢᠵᠦ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠶᠠᠪᠤᠴᠠ ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠭᠡᠷᠡᠭᠵᠢᠬᠦᠯᠵᠤ ᠲᠠᠶᠢᠯᠬᠦ ᠶᠢ ᠨᠢ ᠵᠠᠪᠠᠯ ᠭᠦᠢᠴᠡᠳ ᠬᠡᠷᠡᠭᠯᠡᠵᠦ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠤ ᠬᠡᠯᠡᠪᠡ᠃    ᠰᠦᠨ ᠱᠤᠤ ᠴᠧᠩ᠂ ᠡᠨᠡ ᠵᠢᠯ ᠮᠠᠨ ᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠂ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ ᠢ ᠭᠦᠢᠴᠡᠳ ᠨᠤᠲᠠᠯᠠᠭᠤᠰᠢᠲᠠᠢ ᠶᠤᠮ ᠭᠡᠪᠡ᠃ ᠲᠡᠷᠡ ᠡᠯ᠎ᠡ ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ︽ᠤᠮᠠᠷᠠᠳᠤ ᠶᠢᠨ ᠭᠤᠷᠪᠡᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠶ ᠨᠤᠳᠤᠭ ᠪᠡᠯᠴᠢᠭᠡᠷ ᠤᠨ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠶ᠃ ᠲᠤᠬᠠᠶ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ ᠡᠯᠡᠰᠦ ᠶᠢ ᠵᠠᠰᠠᠬᠤ ᠥᠪᠡᠷ ᠤᠨ ᠥᠷᠲᠡᠭ ᠢ ᠠᠷᠪᠢᠯᠠᠬᠤ ᠶᠢ ᠪᠠᠷᠢᠮᠲᠠᠯᠠᠵᠤ᠂ ᠮᠠᠰᠢᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠳᠡᠯᠮᠤᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠤᠨ᠂ ᠱᠠᠩᠨᠠᠵᠤ ᠲᠣᠷᠭᠠᠬᠤ ᠶᠢ ᠲᠣᠳᠣᠷᠬᠠᠶ ᠪᠣᠯᠭᠠᠵᠤ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠭᠡᠳᠤᠷᠠᠳᠠᠯ᠎ᠠ ᠮᠠᠯᠵᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠤᠢ ᠰᠢᠭᠤᠢ ᠨᠤᠳᠤᠭ ᠪᠡᠯᠴᠢᠭᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶᠠᠨ ᠤ ᠬᠡᠪᠴᠢᠶ᠎ᠡ ᠶᠢ ᠥᠷᠭᠡᠳᠭᠡᠨ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠰᠢᠭ ᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃    ᠬᠠᠮᠤᠭ ᠤᠨ ᠰᠠᠬᠦᠯ ᠳᠤ᠂ ᠰᠦᠨ ᠱᠤᠤ ᠴᠧᠩ ᠤᠯᠠᠨ ᠤ ᠰᠢᠨ᠎ᠡ ᠤᠨ ᠳᠠᠭᠠᠨ ᠪᠠᠶᠠᠷ ᠬᠦᠷ ᠲᠠᠢ ᠪᠠᠶᠢᠬᠤ ᠶᠢ ᠵᠥᠩᠨᠡᠵᠦ᠂ ᠤᠯᠠᠨ ᠤ ᠰᠢᠨ᠎ᠡ ᠵᠢᠯ ᠳᠡᠭᠡᠨ ᠡᠷᠴᠢ ᠵᠣᠷᠢᠭ ᠢᠶᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ︽ᠮᠣᠩᠭᠤᠯ ᠮᠣᠷᠢᠨ︾ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠤᠮᠠᠷᠠᠳᠤ ᠶᠢᠨ ᠭᠤᠷᠪᠡᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠬᠦ ᠶᠢ ᠬᠦᠰᠡᠪᠡ᠃    ᠢᠦᠢ ᠯᠢ ᠰᠢᠨ᠂ ᠳᠠᠶᠢᠴᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号