ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ 2024 ᠣᠨ ᠳᠤ ᠤᠰᠤᠨ ᠤ ᠡᠷᠬᠡ ᠶᠢᠨ ᠣᠬᠤᠷ ᠬᠤᠭᠤᠴᠠᠭᠠᠨ ᠤ ᠠᠷᠠᠯᠵᠢᠶ᠎ᠠ ᠶᠢ 404.93 ᠲᠦᠮᠡᠨ ᠪᠣᠰᠤᠭ᠎ᠠ ᠳᠥᠷᠪᠡᠯᠵᠢᠨ ᠮᠧᠲᠷ  ᠪᠡᠶᠡᠯᠡᠭᠦᠯᠵᠡᠢ
ᠨᠡᠶᠢᠲᠡᠯᠡᠭᠰᠡᠨ ᠴᠠᠭ᠄
2025/1/24
     ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠨᠢ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠭᠦᠨᠵᠡᠭᠡᠢ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠨ ᠬᠡᠷᠡᠭᠯᠡᠬᠦ ᠶᠢ ᠶᠡᠬᠡᠪᠡᠷ ᠰᠠᠨᠠᠭᠠᠴᠢᠯᠠᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠠᠬᠢᠭᠤᠯᠪᠠ᠃     2024 ᠣᠨ ᠳᠤ᠂ ᠨᠡᠭᠡᠭᠡᠯᠲᠡ ᠶᠢᠨ ᠣᠷᠣᠨ ᠨᠢ ᠤᠰᠤ ᠠᠪᠬᠤ ᠡᠷᠦᠭᠡ ᠶᠢᠨ ᠦᠢᠯᠡᠳᠬᠦᠨ ᠪᠠ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠬᠢᠬᠦ᠂ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠳᠠᠭᠠᠤ ᠤᠰᠤ ᠠᠪᠬᠤ ᠡᠷᠬᠡ ᠶᠢ ᠣᠯᠣᠭᠰᠠᠨ ᠪᠤᠯᠪᠠᠴᠤ ᠦᠢᠯᠡᠳᠪᠦᠷᠢᠯᠡᠯ ᠤᠨ ᠬᠡᠮᠵᠢᠶ᠎ᠡ ᠨᠢ ᠭᠦᠷᠦᠭᠡᠳᠦᠢ ᠪᠤᠶᠤ ᠦᠢᠯᠡᠳᠪᠦᠷᠢᠯᠡᠯ ᠨᠢ ᠠᠰᠢᠭᠯᠠᠯᠲᠠ ᠳᠤ ᠣᠷᠣᠭᠠᠳᠤᠢ ᠤᠰᠤ ᠠᠪᠬᠤ ᠡᠷᠦᠭᠡ ᠶᠢ ᠵᠣᠷᠢᠭᠵᠢᠭᠤᠯᠤᠨ᠂ ᠤᠰᠤ ᠠᠪᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠪᠠ ᠤᠰᠤ ᠠᠪᠬᠤ ᠲᠤᠭ᠎ᠠ ᠶᠢᠨ ᠳᠣᠲᠣᠷ᠎ᠠ ᠤᠰᠤ ᠠᠪᠬᠤ ᠵᠣᠬᠢᠴᠠᠩᠭᠤᠢ ᠡᠷᠬᠡ ᠶᠢ ᠤᠰᠤᠨ ᠤ ᠡᠷᠬᠡ ᠶᠢᠨ ᠬᠡᠰᠡᠭ ᠭᠦᠢᠴᠡᠳᠬᠡᠬᠦ ᠲᠤᠭ᠎ᠠ ᠬᠦᠷᠦᠯᠴᠡᠬᠦ ᠦᠭᠡᠢ ᠪᠤᠶᠤ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠳᠤ ᠦᠨ᠎ᠡ ᠲᠥᠯᠥᠪᠦᠷᠢ ᠲᠠᠢ ᠪᠠᠷ ᠰᠢᠯᠵᠢᠭᠦᠯᠦᠨ ᠥᠭᠴᠦ᠂ ᠦᠢᠯᠡᠳᠪᠦᠷᠢᠯᠡᠯ ᠤᠨ ᠳᠤᠮᠳᠠᠬᠢ ᠤᠰᠤ ᠳᠤᠲᠠᠭᠳᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠨᠢᠳᠤᠨᠤᠨ᠂ ᠤᠷᠢᠳ ᠬᠤᠵᠢᠳ ᠥᠪᠥᠷ ᠮᠣᠩᠭᠤᠯ ᠤᠨ ᠵᠢᠦᠢ ᠱᠢ ᠡᠨᠧᠷᠭᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠰᠠᠨ ᠵᠢᠦᠢ ᠵᠢᠶᠠ ᠵᠢᠩ ᠰᠢᠨ᠎ᠡ ᠡᠨᠧᠷᠭᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠵᠥᠩ ᠱᠠᠩ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠲᠠᠢ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ 6 ᠤᠰᠤ ᠬᠡᠷᠡᠭᠯᠡᠬᠦ ᠨᠢᠭᠡᠴᠢ ᠶᠢᠨ ᠢᠯᠡᠭᠦᠴᠡ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠶᠢ ᠣᠬᠤᠷ ᠬᠤᠭᠤᠴᠠᠭᠠᠨ ᠤ ᠠᠷᠠᠯᠵᠢᠶᠠᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠳᠤᠮᠳᠠᠳᠤ ᠤᠯᠤᠰ ᠤᠨ ᠳᠠᠪᠤᠰᠤ ᠬᠢᠮᠢ ᠶᠢᠨ ᠪᠦᠯᠦᠭᠯᠡᠯ ᠤᠨ ᠵᠢᠷᠠᠲᠠᠢ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠴᠧᠨ ᠬᠤᠩ ᠯᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠥᠪᠥᠷ ᠮᠣᠩᠭᠤᠯ ᠤᠨ ᠰᠢᠨ ᠮᠧᠩ ᠰᠢ ᠣᠷᠴᠢᠨ ᠲᠣᠭᠤᠷᠢᠨ ᠤ ᠡᠬᠢ ᠪᠠᠶᠠᠯᠢᠭ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠵᠡᠷᠭᠡ 14 ᠡᠷᠦᠭᠡ ᠤᠰᠤ ᠬᠡᠷᠡᠭᠯᠡᠬᠦ ᠨᠢᠭᠡᠴᠢ ᠳᠤ ᠰᠢᠯᠢᠳᠡᠭᠵᠢᠭᠦᠯᠦᠨ ᠲᠣᠬᠢᠷᠠᠭᠤᠯᠵᠤ᠂ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠬᠦᠷᠦᠯᠴᠡᠬᠦ ᠦᠭᠡᠢ ᠵᠢᠴᠢ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠳᠤ ᠨᠡᠶᠢᠲᠡ 404.93 ᠲᠦᠮᠡᠨ ᠪᠣᠰᠤᠭ᠎ᠠ ᠳᠥᠷᠪᠡᠯᠵᠢᠨ  ᠮᠧᠲᠷ ᠤᠰᠤ ᠬᠠᠩᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号