ᠣᠷᠴᠢᠮ ᠤᠨ ᠵᠢᠯ ᠤᠨ ᠲᠤᠷᠰᠢ᠂ ᠠᠯᠠᠱᠠ ᠠᠶᠢᠮᠠᠭ ᠬᠢᠯᠢ ᠬᠢᠵᠠᠭᠠᠷ ᠣᠷᠣᠨ ᠤ ᠠᠮᠢᠳᠤᠷᠠᠯ | ᠦᠢᠯᠡᠳᠪᠦᠷᠢᠯᠡᠯ ᠤᠨ ᠨᠥᠬᠦᠴᠡᠯ ᠢ ᠳᠠᠰᠤᠷᠠᠯᠳᠠ ᠦᠭᠡᠢ ᠰᠠᠶᠢᠵᠢᠷᠠᠭᠤᠯᠵᠤ᠂ ᠰᠠᠭᠤᠷᠢ ᠲᠥᠬᠦᠭᠡᠷᠦᠮᠵᠢ ᠪᠠ | ᠦᠨᠳᠦᠰᠦᠨ ᠤᠯᠠᠠ ᠨᠠᠶᠢᠳᠠ ᠶᠢᠨ ᠦᠢᠯᠡᠴᠢᠯᠡᠭᠡ ᠶᠢᠨ ᠳᠤᠲᠠᠭᠤᠳᠠᠯ ᠢ ᠨᠥᠬᠦᠪᠦᠷᠢᠯᠡᠬᠦ ᠶᠢ ᠲᠦᠷᠭᠡᠳᠬᠡᠨ᠂ ᠡᠯ᠎ᠡ | ᠦᠨᠳᠦᠰᠦᠲᠡᠨ ᠤ ᠤᠯᠠᠠ ᠲᠦᠮᠡᠨ ᠤ ᠰᠠᠭᠤᠷᠢᠰᠢᠵᠤ ᠴᠢᠳᠠᠬᠤ᠂ ᠬᠢᠯᠢ ᠪᠠᠨ ᠬᠠᠮᠠᠭᠠᠯᠠᠵᠤ ᠴᠢᠳᠠᠬᠤ ᠶᠢ ᠪᠠᠲᠤᠯᠠᠪᠠ᠃ | ︽ᠬᠢᠯᠢ ᠣᠷᠣᠨ ᠬᠤᠭᠤᠰᠤᠷᠠᠵᠤ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠬᠢᠯᠢ ᠪᠠᠨ | ᠲᠣᠭᠲᠠᠪᠤᠷᠢᠵᠢᠭᠤᠯᠬᠤ᠂ ᠬᠢᠯᠢ ᠪᠠᠨ ᠪᠠᠲᠤᠳᠬᠠᠬᠤ᠂ ᠬᠢᠯᠢ ᠪᠠᠨ ᠮᠠᠨᠳᠤᠭᠤᠯᠬᠤ ᠭᠤᠣᠯ ᠠᠷᠭ᠎ᠠ ᠠᠪᠴᠠᠯ ᠢᠶᠠᠨ | ᠪᠤᠯᠭᠠᠵᠦ᠂ ᠬᠢᠯᠢ ᠬᠢᠵᠠᠭᠠᠷ ᠢᠶᠠᠨ ᠪᠠᠲᠤᠳᠬᠠᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠠᠬᠢᠭᠤᠯᠵᠤ᠂ ᠬᠢᠯᠢ ᠬᠢᠵᠠᠭᠠᠷ ᠣᠷᠣᠨ ᠤ ︽ᠤᠰᠤ ᠴᠠᠭᠢᠯᠭᠠᠠ ᠵᠠᠮ ᠴᠢᠮᠡᠭᠡ ᠨᠡᠪᠲᠡᠷᠡᠭᠦᠯᠭᠡ︾ ᠶᠢ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠂ ᠬᠢᠯᠢ ᠬᠢᠵᠠᠭᠠᠷ ᠢᠶᠠᠨ ᠬᠠᠮᠠᠭᠠᠯᠠᠵᠤ ᠪᠠᠶᠢᠭ᠎ᠠ | ᠮᠠᠯᠴᠢᠳ ᠤᠨ ᠠᠮᠢᠳᠤᠷᠠᠯ ᠦᠢᠯᠡᠳᠪᠦᠷᠢᠯᠡᠯ ᠤᠨ ᠨᠥᠬᠦᠴᠡᠯ ᠢ ᠳᠠᠰᠤᠷᠠᠯᠳᠠ ᠦᠭᠡᠢ ᠰᠠᠶᠢᠵᠢᠷᠠᠭᠤᠯᠤᠭᠰᠠᠨ ᠪᠠᠶᠢᠨ᠎ᠠ᠃ | ᠤᠯᠠᠠ ᠵᠢᠯ ᠤᠨ ᠲᠤᠷᠰᠢ᠂ ᠠᠯᠠᠱᠠ ᠠᠶᠢᠮᠠᠭ ᠠᠮᠤᠷ ᠲᠦᠪᠰᠢᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠲᠤ ᠪᠠᠷ ᠬᠢᠯᠢ ᠪᠠᠨ ᠬᠠᠮᠠᠭᠠᠯᠠᠨ ᠬᠢᠯᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ︽ᠲᠠᠯ᠎ᠠ ᠨᠤᠲᠤᠭ ᠤᠨ 110︾᠂ ︽ᠬᠢᠯᠢ ᠪᠠᠨ ᠮᠠᠨᠠᠬᠤ ᠴᠠᠭᠳᠠᠭᠠᠨ ᠤ | ᠭᠡᠷ︾᠂ ︽ᠮᠣᠩᠭᠤᠯ ᠭᠡᠷ ᠤᠨ ᠬᠠᠷᠠᠭᠤᠯ ᠤᠨ ᠭᠠᠵᠠᠷ︾᠂ ︽ᠬᠤᠪᠢᠰᠬᠠᠯᠲᠤ ᠪᠠᠬᠢᠯᠡᠯᠲᠡ︾ ᠵᠡᠷᠭᠡ ᠶᠢ | ᠪᠠᠶᠢᠭᠤᠯᠬᠤ ᠪᠠᠷ ᠳᠠᠮᠵᠢᠠ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠬᠠᠮᠠᠭᠠᠯᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠡᠢ᠃ | ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠠᠯᠠᠱᠠ ᠠᠶᠢᠮᠠᠭ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠨᠠᠶᠢᠳᠠ 8704 ᠲᠦᠮᠡᠨ ᠲᠥᠭᠦᠷᠢᠭ ᠭᠤᠶᠤᠴᠢᠯᠠᠨ | ᠣᠯᠵᠤ᠂ ᠰᠠᠭᠤᠷᠢ ᠲᠥᠬᠦᠭᠡᠷᠦᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠨᠠᠶᠢᠳᠠ 66 | ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠠᠵᠤ ᠦᠢᠯᠡᠰ ᠤᠨ ᠬᠥᠭᠵᠢᠯᠲᠡ᠂ ᠦᠨᠳᠦᠰᠦᠨ ᠤᠯᠠᠠ ᠨᠠᠶᠢᠳᠠ ᠶᠢᠨ | ᠦᠢᠯᠡᠴᠢᠯᠡᠭᠡ ᠶᠢᠨ ᠬᠢᠷᠢ ᠲᠦᠪᠰᠢᠨ ᠪᠠ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠵᠡᠷᠭᠡ ᠶᠢ | ᠴᠢᠩᠭᠠᠳᠬᠠᠨ᠂ ᠬᠢᠯᠢ ᠪᠠᠨ ᠰᠠᠬᠢᠵᠤ ᠰᠠᠭᠤᠭ᠎ᠠ ᠡᠯ᠎ᠡ ᠦᠨᠳᠦᠰᠦᠲᠡᠨ ᠤ ᠤᠯᠠᠠ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠳᠠᠳᠠᠠ ᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ |