| | ᠣᠶᠢᠷ᠎ᠠ ᠶᠢᠨ ᠡᠳᠦᠷ᠂ ᠮᠠᠨ ᠤ ᠠᠶᠢᠮᠠᠭ ᠤᠨ ᠠᠩᠬᠠᠳᠠᠭᠴᠢ ᠪᠦᠯᠦᠭ ︽ᠵᠠᠯᠠᠭᠤᠴᠤᠳ ᠤᠨ ᠪᠣᠳᠠᠲᠠᠢ | ᠠᠵᠢᠯᠯᠠᠭᠴᠢ ᠶᠢᠨ ᠲᠥᠯᠥᠪᠯᠡᠭᠡ︾ ᠡᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ | ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ ᠠᠴᠠ ᠨᠢᠭᠡᠳᠦᠯᠲᠡᠢ ᠲᠥᠯᠥᠪᠯᠡᠨ | ᠰᠢᠯᠢᠨ ᠰᠣᠩᠭᠤᠵᠤ ᠲᠣᠮᠢᠯᠠᠭᠰᠠᠨ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠲᠦᠷᠦᠭᠦᠤ ᠪᠦᠯᠦᠭ ᠤᠨ | ᠪᠦᠷᠢᠯᠳᠦᠭᠦᠨ ᠮᠠᠨ ᠤ ᠠᠶᠢᠮᠠᠭ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠢᠷᠡᠵᠦ᠂ 1 ᠵᠢᠯ ᠤᠨ | ᠬᠤᠭᠤᠴᠠᠭ᠎ᠠ ᠲᠠᠢ ᠪᠣᠳᠠᠲᠠᠢ ᠠᠵᠢᠯ ᠤᠨ ᠪᠠᠶᠢᠷᠢ ᠶᠢᠨ ᠪᠣᠯᠪᠠᠰᠤᠷᠠᠯ ᠭᠦᠷᠳᠡᠭᠦ ᠪᠠᠷ ᠪᠣᠯᠪᠠ᠃ | ᠡᠭᠢᠯᠡᠯᠲᠡ ᠶᠢᠨ ᠶᠣᠰᠣᠯᠠᠯ ᠳᠡᠭᠡᠷ᠎ᠡ᠂ ᠬᠤᠶᠠᠷ ︽ᠵᠠᠯᠠᠭᠤᠴᠤᠳ ᠤᠨ ᠪᠣᠳᠠᠲᠠᠢ ᠠᠵᠢᠯᠯᠠᠭᠴᠢ︾ ᠶᠢᠨ | ᠪᠦᠷᠢᠯᠳᠦᠭᠦᠨ ᠲᠣᠰ ᠲᠣᠰ ᠤᠨ ᠰᠤᠷᠤᠯᠴᠠᠵᠤ ᠥᠩᠭᠡᠷᠡᠭᠰᠡᠨ ᠡᠬᠡ ᠰᠤᠷᠭᠠᠭᠤᠯᠢ ᠪᠤᠯᠬᠤ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠪᠣᠯᠣᠨ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ | ᠰᠤᠷᠭᠠᠭᠤᠯᠢ ᠳᠤ ᠬᠦᠷᠴᠦ᠂ ᠰᠤᠷᠤᠬᠴᠢᠳ ᠲᠠᠢ ᠲᠤᠷᠰᠢᠯᠭ᠎ᠠ ᠪᠠᠨ ᠬᠤᠪᠢᠶᠠᠯᠴᠠᠨ᠂ ᠶᠡᠭᠡ ᠰᠤᠷᠭᠠᠭᠤᠯᠢ ᠳᠤ | ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠪᠡᠯᠡᠳᠬᠡᠭᠰᠡᠨ ᠥᠩᠭᠡᠷᠡᠯᠲᠡ ᠵᠢᠴᠢ ᠶᠡᠭᠡ ᠰᠤᠷᠭᠠᠭᠤᠯᠢ ᠶᠢᠨ | ᠠᠮᠢᠳᠤᠷᠠᠯ ᠵᠡᠷᠭᠡ ᠪᠠᠨ ᠬᠤᠪᠢᠶᠠᠯᠴᠠᠵᠤ᠂ ᠰᠤᠷᠤᠬᠴᠢᠳ ᠢ ᠴᠠᠭ ᠬᠤᠭᠤᠴᠠᠭ᠎ᠠ ᠪᠠᠨ ᠨᠠᠨᠳᠢᠩᠨᠠᠵᠤ᠂ ᠵᠣᠷᠢᠭᠲᠠᠢ ᠪᠠᠷ | ᠬᠦᠰᠡᠯ ᠮᠥᠷᠥᠭᠡᠳᠦᠯ ᠢᠶᠠᠨ ᠲᠡᠷᠭᠡᠯᠰᠢᠭᠦᠯᠬᠦ ᠶᠢ ᠵᠣᠷᠢᠭᠵᠢᠭᠤᠯᠪᠠ᠃ | ᠠᠶᠢᠮᠠᠭ ᠤᠨ ᠡᠪᠯᠡᠯ ᠤᠨ ᠬᠤᠷᠢᠶ᠎ᠠ ︽ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ ᠲᠥᠯᠥᠪᠯᠡᠭᠡ︾ ᠶᠢᠨ | ᠲᠦᠷᠦᠯ ᠵᠦᠢᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠵᠦ᠂ ᠶᠡᠭᠡ ᠰᠤᠷᠭᠠᠭᠤᠯᠢ ᠶᠢᠨ ᠬᠤᠶᠠᠷ ᠰᠤᠷᠤᠬᠴᠢ ᠳᠤ | ︽ᠵᠠᠯᠠᠭᠤᠴᠤᠳ ᠤᠨ ᠪᠣᠳᠠᠲᠠᠢ ᠠᠵᠢᠯᠯᠠᠭᠴᠢ︾᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠢᠭᠠᠨ | ᠵᠢᠯᠣᠭᠤᠳᠤᠭᠴᠢ ᠪᠠ ᠵᠠᠯᠠᠭᠤᠴᠤᠳ ᠤᠨ ᠯᠧᠺᠲ᠋ᠣᠷ ᠤᠨ ᠪᠦᠯᠭᠦᠮ ᠤᠨ ᠭᠡᠰᠢᠭᠦᠨ ᠤ ᠤᠷᠢᠯᠭ᠎ᠠ ᠶᠢᠨ ᠪᠢᠴᠢᠭ | ᠣᠯᠭᠤᠵᠤ᠂ ᠲᠡᠳᠡᠨ ᠢ ᠲᠤᠰ ᠤᠳᠠᠭᠠᠨ ᠤ ᠦᠢᠯᠡᠳᠦᠯᠭᠡ ᠶᠢᠨ ᠳᠠᠪᠲᠠᠯᠲᠠ ᠳᠤᠮᠳᠠ ᠪᠠᠨ ᠬᠦᠰᠡᠯᠡᠩ ᠲᠠᠢ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠴᠢᠷᠮᠠᠶᠢᠨ ᠲᠡᠮᠡᠴᠡᠬᠦ ᠰᠢᠨ᠎ᠡ ᠴᠠᠭ | ᠦᠶ᠎ᠡ ᠶᠢᠨ ᠰᠠᠶᠢᠨ ᠵᠠᠯᠠᠭᠤ ᠪᠤᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃ | ︽ᠵᠠᠯᠠᠭᠤ ᠪᠣᠳᠠᠲᠠᠢ ᠠᠵᠢᠯᠯᠠᠭᠴᠢ︾ ᠶᠢᠨ ᠪᠦᠷᠢᠯᠳᠦᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠠᠰᠫᠢᠷᠠᠨᠲ ᠬᠤᠷᠸ᠎ᠠ᠄ ︽ | ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ ᠲᠥᠯᠥᠪᠯᠡᠭᠡ︾ ᠶᠢᠨ ᠳᠣᠲᠣᠷᠠᠬᠢ ᠨᠢᠭᠡ ᠭᠡᠰᠢᠭᠦᠨ ᠪᠣᠯᠤᠭᠰᠠᠨ ᠨᠢ | ᠮᠢᠨᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢᠶᠠᠨ ᠴᠢᠩᠭᠠᠳᠬᠠᠬᠤ ᠰᠠᠶᠢᠬᠠᠨ | ᠲᠣᠭᠢᠶᠠᠯ ᠪᠠᠶᠢᠭ᠎ᠠ ᠶᠤᠮ᠃ ᠪᠢ ᠣᠷᠭᠢᠯᠤᠮ᠎ᠠ ᠬᠠᠯᠠᠭᠤᠨ ᠬᠠᠷᠢᠭᠤᠴᠠᠯᠭᠠᠲᠤ ᠰᠡᠳᠬᠢᠯᠭᠡ ᠪᠠᠷ ᠠᠵᠢᠯᠯᠠᠨ᠂ | ᠥᠪᠡᠷ ᠢ ᠪᠠᠨ ᠳᠠᠪᠲᠠᠨ ᠪᠤᠯᠪᠠᠰᠤᠷᠠᠭᠤᠯᠵᠤ᠂ ᠨᠤᠲᠤᠭ ᠤᠰᠤᠨ ᠤ ᠪᠠᠨ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠨ᠎ᠡ︾ ᠭᠡᠵᠦ ᠪᠠᠶᠢᠯ᠎ᠠ᠃ | ᠨᠢᠳᠤᠨᠤᠨ ᠤ 4 ᠰᠠᠷ᠎ᠠ ᠳᠤ᠂ ᠪᠦᠭᠦ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ | ᠬᠤᠷᠢᠶ᠎ᠠ ᠠᠴᠠ ︽ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ ᠲᠥᠯᠥᠪᠯᠡᠭᠡ︾ ᠶᠢ ᠡᠬᠢᠯᠡᠨ ᠬᠡᠷᠡᠭᠵᠢᠭᠦᠯᠵᠦ᠂ | ᠭᠤᠣᠯᠳᠠᠭᠤ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠰᠤᠷᠤᠯᠴᠠᠵᠦ ᠪᠠᠶᠢᠭ᠎ᠠ ᠳ᠋ᠣᠺᠲ᠋ᠣᠷ᠂ ᠠᠰᠫᠢᠷᠠᠨᠲ ᠳᠤ | ᠬᠠᠨᠳᠤᠭᠤᠯᠤᠨ ᠰᠢᠯᠢᠨ ᠰᠣᠩᠭᠤᠵᠤ᠂ ᠦᠨᠳᠦᠰᠦᠨ ᠱᠠᠲᠤᠨ ᠳᠤ ᠲᠤᠰᠢᠶᠠᠯ ᠬᠠᠪᠰᠤᠷᠭᠠᠨ ᠪᠣᠳᠠᠲᠠᠢ ᠠᠵᠢᠯ ᠤᠨ | ᠪᠠᠶᠢᠷᠢ ᠶᠢᠨ ᠪᠣᠯᠪᠠᠰᠤᠷᠠᠯ ᠬᠦᠷᠲᠡᠭᠡᠨ᠂ ᠦᠨᠳᠦᠰᠦᠨ ᠱᠠᠲᠤᠨ ᠤ ᠡᠪᠯᠡᠯ ᠤᠨ ᠺᠠᠳ᠋ᠷ ᠤᠨ ᠠᠵᠢᠯ ᠢ ᠬᠠᠪᠰᠤᠷᠭᠠᠨ | ᠬᠠᠷᠢᠭᠤᠴᠠᠭᠤᠯᠤᠨ᠎ᠠ᠃ ᠠᠶᠢᠮᠠᠭ ᠤᠨ ᠡᠪᠯᠡᠯ ᠤᠨ ᠬᠤᠷᠢᠶ᠎ᠠ ︽ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ | ᠲᠥᠯᠥᠪᠯᠡᠭᠡ︾ ᠶᠢᠨ ᠦᠨᠳᠦᠰᠦᠨ ᠱᠠᠲᠤᠨ ᠤ ᠠᠵᠢᠯ ᠤᠨ ᠪᠠᠶᠢᠷᠢ᠂ ᠵᠠᠯᠭᠤ ᠨᠠᠰᠤᠨ ᠳᠠᠭᠠᠨ ᠳᠤᠮᠳᠠᠳᠤ ᠶᠢᠨ | ᠰᠣᠶᠣᠯ ᠢᠶᠠᠨ ᠥᠪᠯᠡᠨ ᠤᠯᠠᠮᠵᠢᠯᠠᠬᠤ ᠲᠤᠰᠬᠠᠢ ᠳᠦᠷᠦᠯ ᠤᠨ ᠠᠵᠢᠯ ᠤᠨ ᠪᠠᠶᠢᠷᠢ ᠵᠡᠷᠭᠡ 2 ᠶᠡᠭᠡ ᠲᠥᠷᠥᠯ ᠤᠨ 16 | ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠴᠤᠭᠯᠠᠭᠤᠯᠤᠨ ᠡᠮᠬᠢᠳᠬᠡᠭᠡᠳ᠂ ᠮᠠᠨ ᠤ | ᠠᠶᠢᠮᠠᠭ ᠲᠤ ᠠᠩᠬᠠᠳᠠᠭᠴᠢ ᠪᠦᠯᠦᠭ ︽ᠵᠠᠯᠠᠭᠤᠴᠤᠳ ᠤᠨ ᠪᠣᠳᠠᠲᠠᠢ ᠠᠵᠢᠯᠯᠠᠭᠴᠢ ᠶᠢᠨ ᠲᠥᠯᠥᠪᠯᠡᠭᠡ︾ ᠶᠢ | ᠣᠷᠣᠭᠤᠯᠤᠨ ᠠᠪᠴᠢᠷᠠᠵᠠᠢ᠃ | |