ᠨᠢᠭᠡ᠂ ᠲᠠᠬᠢᠶᠠᠨ ᠡᠭᠦᠷ ᠲᠤ ᠰᠠᠯᠬᠢ ᠨᠡᠪᠲᠡᠷᠡᠭᠦᠯᠬᠦ ᠶᠢ ᠴᠢᠩᠭᠠᠳᠬᠠᠨ᠎ᠠ᠃ ᠲᠠᠬᠢᠶᠠᠨ ᠡᠭᠦᠷ ᠳᠣᠲᠣᠷᠠᠬᠢ | ᠰᠢᠨ᠎ᠡ ᠰᠣᠷᠭᠤᠭ ᠠᠭᠤᠷ ᠠᠮᠢᠰᠬᠤᠯ ᠨᠢ ᠲᠠᠬᠢᠶᠠᠨ ᠤ ᠥᠰᠦᠯᠲᠡ ᠪᠤᠶᠢᠵᠢᠯᠲᠠ ᠳᠤ ᠠᠰᠢᠭᠲᠠᠢ ᠪᠠᠶᠢᠳᠠᠭ᠃ | ᠲᠠᠬᠢᠶᠠᠨ ᠤ ᠪᠡᠶ᠎ᠡ ᠶᠢᠨ ᠳᠤᠯᠠᠭᠠᠨ ᠨᠢ ᠥᠨᠳᠥᠷ ᠪᠣᠯᠬᠤᠷ ᠠᠮᠢᠰᠬᠤᠬᠤ ᠬᠡᠢ ᠶᠢᠨ ᠬᠡᠮᠵᠢᠶ᠎ᠡ ᠨᠢ ᠬᠥᠬᠦᠲᠡᠨ | ᠠᠮᠢᠲᠠᠨ ᠤ ᠬᠢ ᠠᠴᠠ 2 ᠳᠠᠬᠢᠨ ᠢᠯᠡᠭᠦᠦ ᠪᠠᠶᠢᠳᠠᠭ ᠲᠤᠯᠠ ᠬᠦᠴᠢᠯᠲᠥ᠋ᠷᠥᠭᠴᠢ ᠠᠷᠪᠢᠨ ᠬᠡᠷᠡᠭᠰᠡᠨ᠎ᠡ᠃ ᠡᠶᠢᠮᠦ ᠠᠴᠠ | ᠲᠠᠬᠢᠶᠠᠨ ᠡᠭᠦᠷ ᠤᠨ ᠰᠠᠯᠬᠢ ᠨᠡᠪᠲᠡᠷᠡᠬᠦ ᠶᠢ ᠴᠢᠩᠭᠠᠳᠬᠠᠪᠠᠯ ᠰᠠᠶ᠋ᠢ ᠭᠦᠢᠴᠡᠳ ᠰᠢᠨ᠎ᠡ ᠰᠣᠷᠭᠤᠭ ᠠᠭᠤᠷ | ᠠᠮᠢᠰᠬᠤᠯ ᠲᠠᠢ ᠪᠠᠶᠢᠬᠤ ᠶᠢ ᠪᠠᠲᠤᠯᠠᠵᠤ᠂ ᠲᠠᠬᠢᠶ᠎ᠠ ᠡᠷᠡᠭᠦᠯ ᠴᠢᠭᠢᠷᠠᠭ ᠪᠠᠶᠢᠵᠤ᠂ ᠡᠪᠡᠳᠴᠢᠯᠡᠬᠦ ᠨᠢ ᠪᠠᠭ᠎ᠠ ᠪᠠᠶᠢᠳᠠᠭ᠃ | ᠰᠠᠯᠬᠢ ᠨᠡᠪᠲᠡᠷᠡᠬᠦ ᠨᠢ ᠳᠠᠷᠤᠢ ᠬᠦᠴᠢᠯᠲᠥ᠋ᠷᠥᠭᠴᠢ ᠳᠦᠭᠦᠷᠭᠡᠬᠦ ᠲᠠᠢ ᠲᠡᠩᠴᠡᠨ᠎ᠡ᠂ ᠶᠡᠷᠦ ᠳᠡᠭᠡᠨ 2 — 3 | ᠴᠠᠭ ᠲᠤ ᠨᠢᠭᠡ ᠤᠳᠠᠭ᠎ᠠ ᠰᠠᠯᠬᠢ ᠨᠡᠪᠲᠡᠷᠡᠭᠦᠯᠦᠨ᠎ᠡ᠃ ᠤᠳᠠᠭ᠎ᠠ ᠪᠦᠷᠢ 20 — 30 ᠮᠢᠨᠦ᠋ᠲ᠃ ᠰᠠᠯᠬᠢ | ᠨᠡᠪᠲᠡᠷᠡᠭᠦᠯᠬᠦ ᠠᠴᠠ ᠡᠮᠦᠨ᠎ᠡ ᠲᠠᠬᠢᠶᠠᠨ ᠡᠭᠦᠷ ᠤᠨ ᠳᠤᠯᠠᠭᠠᠨ ᠢ ᠳᠡᠭᠡᠭᠰᠢᠯᠡᠭᠦᠯᠬᠦ ᠶᠢᠨ ᠬᠠᠮᠲᠤ ᠰᠠᠯᠬᠢ ᠨᠡᠪᠲᠡᠷᠡᠬᠦ ᠶᠢ | ᠠᠩᠬᠠᠷᠬᠤ ᠬᠡᠷᠡᠭᠲᠡᠢ᠂ ᠲᠠᠬᠢᠶ᠎ᠠ ᠶᠢ ᠰᠢᠭᠤᠳ ᠰᠠᠯᠬᠢ ᠠᠪᠤᠭᠤᠯᠵᠦ ᠪᠣᠯᠬᠤ ᠦᠭᠡᠢ᠂ ᠲᠠᠬᠢᠶᠠᠨ ᠤ ᠬᠢᠮᠤᠷᠠᠭ᠎ᠠ ᠠᠴᠠ | ᠰᠡᠷᠭᠡᠶᠢᠯᠡᠬᠦ ᠬᠡᠷᠡᠭᠲᠡᠢ᠃ | ᠬᠤᠶᠠᠷ᠂ ᠠᠷᠠᠴᠢᠯᠠᠨ ᠲᠡᠵᠢᠭᠡᠬᠦ ᠨᠢᠭᠲᠠᠴᠠ ᠶᠢ ᠪᠠᠭᠤᠷᠠᠭᠤᠯᠤᠨ᠎ᠠ᠃ ᠠᠯᠠᠰᠢᠨ ᠲᠠᠬᠢᠶ᠎ᠠ ᠶᠢ ᠶᠡᠷᠦ ᠳᠡᠭᠡᠨ ᠶᠡᠭᠡ | ᠰᠦᠷᠦᠭ ᠢᠶᠠᠷ ᠲᠡᠵᠢᠭᠡᠵᠦ᠂ ᠲᠠᠬᠢᠶ᠎ᠠ ᠶᠢᠨ ᠰᠦᠷᠦᠭ ᠨᠢ ᠶᠡᠭᠡ᠂ ᠲᠤᠭ᠎ᠠ ᠬᠡᠮᠵᠢᠶ᠎ᠡ ᠨᠢ ᠠᠷᠪᠢᠨ ᠪᠠᠶᠢᠳᠠᠭ᠂ | ᠲᠠᠬᠢᠶ᠎ᠠ ᠶᠢ ᠥᠨᠳᠥᠷ ᠨᠢᠭᠲᠠᠴᠠ ᠲᠠᠢ ᠲᠡᠵᠢᠭᠡᠪᠡᠯ᠂ ᠠᠭᠠᠷ ᠳᠣᠲᠣᠷᠠᠬᠢ ᠬᠦᠴᠢᠯᠲᠥ᠋ᠷᠥᠭᠴᠢ ᠨᠢ ᠭᠦᠢᠴᠡᠳ ᠦᠭᠡᠢ | ᠪᠣᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠶᠢ ᠨᠡᠮᠡᠭᠳᠡᠭᠦᠯᠳᠡᠭ᠃ ᠢᠯᠠᠩᠭᠤᠶ᠎ᠠ ᠥᠨᠳᠥᠷ | ᠳᠤᠯᠠᠭᠠᠨ ᠳᠤ ᠴᠤᠷᠪᠠᠭ᠎ᠠ ᠪᠤᠶᠢᠵᠢᠭᠤᠯᠬᠤ ᠪᠠ ᠲᠠᠬᠢᠶᠠᠨ ᠡᠭᠦᠷ ᠤᠨ ᠴᠢᠭᠢᠭᠲᠦᠴᠡ ᠶᠡᠭᠡ ᠦᠶ᠎ᠡ ᠳᠤ᠂ ᠣᠷᠳᠣ | ᠬᠤᠭᠤᠴᠠᠭ᠎ᠠ ᠪᠠᠷ ᠰᠢᠨ᠎ᠡ ᠰᠣᠷᠭᠤᠭ ᠠᠭᠠᠷ ᠳᠤᠲᠠᠭᠳᠠᠬᠤ ᠠᠴᠠ ᠪᠣᠯᠵᠤ᠂ ᠴᠤᠷᠪᠠᠭ᠎ᠠ ᠪᠠᠭᠤᠷᠠᠢ ᠠᠮᠠᠷᠬᠠᠨ | ᠡᠪᠡᠳᠴᠢᠯᠡᠵᠦ᠂ ᠲᠠᠬᠢᠶᠠᠨ ᠤ ᠦᠬᠦᠯᠲᠡ ᠶᠢᠨ ᠨᠣᠷᠮ᠎ᠠ ᠨᠢ ᠨᠡᠮᠡᠭᠳᠡᠳᠡᠭ᠃ ᠨᠢᠭᠲᠠᠴᠠ ᠨᠢ ᠥᠨᠳᠥᠷ ᠲᠠᠬᠢᠶᠠᠨ | ᠡᠭᠦᠷ ᠲᠤ ᠠᠭᠠᠷ ᠤᠨ ᠬᠠᠯᠳᠠᠪᠤᠷᠢᠲᠤ ᠡᠪᠡᠳᠴᠢᠨ ᠤ ᠲᠣᠬᠢᠶᠠᠯ ᠣᠯᠠᠰᠢᠷᠠᠵᠤ᠂ ᠣᠨᠴᠠᠭᠠᠶᠢᠯᠠᠨ ᠰᠢᠪᠲᠦᠷ ᠤᠨ | ᠠᠭᠤᠯᠤᠭᠳᠠᠴᠠ ᠥᠨᠳᠥᠷ ᠦᠶ᠎ᠡ ᠳᠤ ᠦᠷᠭᠦᠯᠵᠢ ᠠᠮᠢᠰᠬᠤᠯ ᠤᠨ ᠵᠠᠮ ᠤᠨ ᠡᠪᠡᠳᠴᠢᠨ ᠢ ᠡᠭᠦᠰᠬᠡᠳᠡᠭ᠃ | ᠡᠶᠢᠮᠦ ᠠᠴᠠ ᠠᠷᠠᠴᠢᠯᠠᠭ᠎ᠠ ᠶᠢᠨ ᠨᠢᠭᠲᠠᠴᠠ ᠶᠢ ᠪᠠᠭᠠᠰᠬᠠᠨ᠂ ᠲᠡᠭᠰᠢ ᠳᠥᠷᠪᠡᠯᠵᠢᠨ ᠮᠧᠳ᠋ᠷ ᠪᠦᠷᠢ ᠳᠤ ᠶᠢᠰᠦᠨ 1.5 | ᠺᠢᠯᠣᠭ᠍ᠷᠠᠮ ᠣᠷᠴᠢᠮ ᠤᠨ ᠲᠠᠬᠢᠶ᠎ᠠ ᠶᠢ ᠲᠡᠵᠢᠭᠡᠨ᠎ᠡ᠂ ᠬᠡᠷᠪᠡ ᠲᠣᠣᠷᠯᠠᠨ ᠲᠡᠵᠢᠭᠡᠪᠡᠯ ᠨᠢᠭᠲᠠᠴᠠ ᠶᠢ ᠨᠢ ᠨᠢᠭᠡ ᠳᠠᠬᠢᠨ | ᠨᠡᠮᠡᠭᠳᠡᠭᠦᠯᠦᠨ᠎ᠡ᠃ | ᠭᠤᠷᠪᠠ᠂ ᠳᠤᠯᠠᠭᠠᠨ ᠢ ᠬᠠᠮᠠᠭᠠᠯᠠᠬᠤ ᠠᠷᠭ᠎ᠠ ᠶᠢ ᠠᠩᠬᠠᠷᠬᠤ ᠬᠡᠷᠡᠭᠲᠡᠢ᠃ ᠵᠠᠷᠢᠮ ᠲᠡᠵᠢᠭᠡᠪᠦᠷᠢ ᠶᠢᠨ ᠲᠠᠯᠠᠪᠠᠢ ᠨᠢ | ᠵᠥᠪᠬᠡᠨ ᠳᠤᠯᠠᠭᠠᠨ ᠢ ᠬᠠᠳᠠᠭᠠᠯᠠᠬᠤ ᠶᠢ ᠴᠢᠬᠤᠯᠠᠴᠢᠯᠠᠬᠤ ᠠᠴᠠ ᠪᠢᠰᠢ ᠰᠠᠯᠬᠢ ᠨᠡᠪᠲᠡᠷᠡᠭᠦᠯᠬᠦ ᠶᠢ ᠣᠮᠲᠣᠭᠠᠶᠢᠯᠠᠵᠤ᠂ | ᠡᠭᠦᠳᠡ ᠴᠣᠩᠬᠤ ᠪᠠᠨ ᠴᠢᠩᠭ᠎ᠠ ᠬᠠᠭᠠᠵᠤ᠂ ᠪᠠᠰᠠ ᠲᠣᠭᠲᠠᠭᠰᠠᠨ ᠴᠠᠭ ᠲᠤ ᠰᠠᠯᠬᠢ ᠨᠡᠪᠲᠡᠷᠡᠭᠦᠯᠬᠦ ᠦᠭᠡᠢ ᠠᠴᠠ | ᠬᠦᠨᠳᠦ ᠨᠣᠴᠢᠲᠠᠢ ᠬᠦᠴᠢᠯᠲᠥ᠋ᠷᠥᠭᠴᠢ ᠳᠤᠲᠠᠭᠳᠠᠵᠤ᠂ ᠦᠷᠭᠦᠯᠵᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ | ᠬᠤᠣᠷᠳᠠᠭᠳᠠᠳᠠᠭ᠃ ᠣᠨᠴᠠᠭᠠᠶᠢᠯᠠᠨ ᠨᠡᠭᠦᠷᠡᠰᠦᠨ ᠵᠤᠤᠬ᠎ᠠ ᠪᠠᠷ ᠳᠤᠯᠠᠭᠠᠨ ᠢ ᠬᠠᠳᠠᠭᠠᠯᠠᠬᠤ ᠦᠶ᠎ᠡ ᠳᠤ᠂ ᠵᠤᠤᠬ᠎ᠠ | ᠵᠠᠷᠢᠮ ᠳᠠᠭᠠᠨ ᠤᠳᠤᠭ᠎ᠠ ᠭᠠᠷᠴᠤ᠂ ᠨᠡᠭᠦᠷᠡᠰᠦᠨ ᠬᠡᠢ ᠳᠤ ᠬᠤᠣᠷᠳᠠᠭᠳᠠᠬᠤ ᠶᠠᠪᠤᠳᠠᠯ ᠨᠡᠩ ᠠᠮᠠᠷᠬᠠᠨ ᠭᠠᠷᠳᠠᠬ᠃ | ᠡᠩ ᠤᠨ ᠳᠤᠯᠠᠭᠠᠯᠠᠭ᠎ᠠ ᠬᠢᠭᠰᠡᠨ ᠴᠦ ᠲᠠᠬᠢᠶ᠎ᠠ ᠲᠠᠢ ᠬᠦᠴᠢᠯᠲᠥ᠋ᠷᠥᠭᠴᠢ ᠶᠢ ᠪᠤᠯᠢᠶᠠᠯᠳᠤᠵᠤ᠂ | ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠬᠤ ︵ᠪᠠᠰᠠ ᠨᠡᠭᠦᠷᠡᠰᠦᠨ ᠬᠡᠢ ᠳᠤ ᠬᠤᠣᠷᠳᠠᠭᠳᠠᠬᠤ︶ | ᠶᠠᠪᠤᠳᠠᠯ ᠠᠮᠠᠷᠬᠠᠨ ᠡᠭᠦᠰᠬᠡᠳᠡᠭ᠂ ᠡᠭᠦᠨ ᠢ ᠣᠨᠴᠠᠭᠠᠶᠢᠯᠠᠨ ᠠᠩᠬᠠᠷᠬᠤ ᠬᠡᠷᠡᠭᠲᠡᠢ᠃ ᠬᠠᠮᠤᠭ ᠤᠨ ᠰᠠᠶᠢᠨ ᠨᠢ | ᠵᠤᠤᠬ᠎ᠠ ᠪᠠᠨ ᠲᠠᠬᠢᠶᠠᠨ ᠡᠭᠦᠷ ᠤᠨ ᠭᠠᠳᠠᠨᠠᠬᠢ ᠡᠭᠦᠳᠡᠨ ᠨᠦᠬᠡᠨ ᠳᠤ ᠪᠠᠷᠢᠪᠠᠯ ᠬᠤᠣᠷᠲᠤ ᠬᠡᠢ ᠪᠡᠶᠡᠲᠦ ᠶᠢᠨ | ᠬᠤᠣᠷᠳᠠᠭᠤᠯᠤᠯ ᠠᠴᠠ ᠵᠠᠶᠢᠯᠠᠰᠬᠢᠵᠦ ᠲᠠᠶᠢᠯᠤᠨ᠎ᠠ᠃ | ᠳᠥᠷᠪᠡ᠂ ᠰᠡᠷᠡᠯᠵᠢᠯ ᠢ ᠰᠡᠷᠭᠡᠶᠢᠯᠡᠬᠦ ᠬᠡᠷᠡᠭᠲᠡᠢ᠃ ᠲᠠᠬᠢᠶᠠᠨ ᠤ ᠮᠡᠳᠡᠷᠡᠯ ᠰᠣᠷᠭᠤᠭ᠂ ᠠᠶᠤᠮᠠᠲᠠᠭᠠᠢ᠂ ᠶᠠᠮᠠᠷᠪᠠ | ᠰᠢᠨ᠎ᠡ ᠳᠠᠭᠤ᠂ ᠥᠩᠭᠡ ᠪᠤᠳᠤᠭ᠂ ᠲᠠᠨᠢᠯ ᠪᠤᠰᠤ ᠬᠥᠳᠡᠯᠦᠯ ᠪᠠ ᠡᠳ᠋ ᠪᠣᠳᠠᠰ ᠤᠨ ᠭᠡᠨᠡᠳᠲᠡ ᠶᠢᠨ ᠢᠯᠡᠷᠡᠯ ᠨᠢ ᠪᠦᠷ | ᠲᠠᠬᠢᠶ᠎ᠠ ᠶᠢ ᠰᠠᠨᠠᠭ᠎ᠠ ᠠᠮᠤᠷ ᠦᠭᠡᠢ ᠪᠣᠯᠭᠠᠬᠤ᠂ ᠰᠣᠴᠢᠨ ᠪᠠᠷᠬᠢᠷᠠᠬᠤ᠂ ᠰᠦᠷᠦᠭ ᠢᠶᠠᠨ ᠰᠣᠴᠢᠭᠠᠬᠤ᠂ | ᠰᠦᠷᠦᠭ ᠢᠶᠠᠨ ᠳᠡᠪᠵᠢᠶᠡᠷᠡᠭᠦᠯᠬᠦ ᠪᠤᠶᠤ ᠳᠤᠲᠠᠭᠠᠬᠤ ᠵᠡᠷᠭᠡ ᠠᠯᠢ ᠣᠯᠠᠨ ᠬᠡᠪ ᠤᠨ ᠪᠤᠰᠤ ᠪᠠᠶᠢᠳᠠᠯ ᠢ ᠪᠤᠶ | ᠪᠣᠯᠭᠠᠳᠠᠭ᠃ | ᠡᠶᠢᠮᠦ ᠠᠴᠠ ᠡᠷᠬᠡᠪᠰᠢ ᠠᠯᠠᠰᠢᠨ ᠲᠠᠬᠢᠶ᠎ᠠ ᠶᠢᠨ ᠬᠡᠪ ᠤᠨ ᠡᠮᠬᠢ ᠳᠢᠭᠯᠢᠮ ᠲᠠᠢ ᠠᠮᠢᠳᠤᠷᠠᠯ ᠤᠨ ᠵᠢᠮ᠎ᠡ ᠶᠣᠰᠣ ᠶᠢ | ᠪᠠᠲᠤᠯᠠᠵᠤ᠂ ᠲᠠᠬᠢᠶ᠎ᠠ ᠶᠢᠨ ᠨᠠᠮ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠵᠦᠢᠯ ᠤᠨ ᠰᠡᠷᠡᠯᠲᠡ ᠠᠴᠠ | ᠪᠣᠯᠤᠭᠰᠠᠨ ᠬᠤᠬᠢᠷᠠᠯ ᠢ ᠪᠠᠭᠠᠰᠬᠠᠬᠤ ᠬᠡᠷᠡᠭᠲᠡᠢ᠃ |