1 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠣᠯᠤᠨ ᠪᠥᠬᠦ ᠣᠷᠣᠨ ᠤ | ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠤᠬᠠᠶ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠸᠠᠩ ᠯᠢ ᠰᠢᠶᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠤᠨ ᠲᠠᠪᠴᠠᠩ ᠤᠨ ᠴᠢᠳᠠᠮᠵᠢ ᠶᠢᠨ ᠦᠵᠡᠭᠦᠯᠭᠡ ᠶᠢ ᠦᠵᠡᠵᠦ᠂ | ᠤᠶᠤᠨᠲᠤ ᠰᠤᠷᠭᠠᠨ ᠬᠥᠮᠦᠵᠢᠯ ᠤᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠸᠢᠳᠢᠣ᠋ ᠪᠠᠷ | ᠰᠦᠯᠵᠢᠶᠡᠨ ᠤ ᠵᠢᠭᠠᠨ ᠰᠤᠳᠤᠯᠬᠤ ᠲᠠᠰᠤᠭ ᠤᠨ ᠰᠦᠯᠵᠢᠶᠡᠨ ᠳᠡᠭᠡᠷᠡᠬᠢ ᠬᠠᠮᠲᠤ ᠪᠠᠷ ᠬᠢᠴᠢᠶᠡᠯ ᠪᠡᠯᠡᠳᠭᠡᠬᠦ ᠶᠢ | ᠪᠠᠶᠢᠴᠠᠭᠠᠨ ᠦᠵᠡᠪᠡ᠃ ᠲᠠᠪᠴᠠᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠥᠨᠳᠥᠷ ᠪᠠᠶᠢᠨ᠎ᠠ ᠤᠤ︖ | ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠰᠤᠷᠤᠭᠴᠢᠳ ᠤᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠳᠤ | ᠦᠵᠡᠭᠦᠯᠬᠦ ᠦᠢᠯᠡᠳᠦᠯ ᠨᠢ ᠶᠡᠭᠡ ᠦᠦ︖ ᠵᠢᠱᠢᠭᠰᠡᠨ ᠦᠷ᠎ᠡ ᠳ᠋ᠦᠩ ᠳᠤ ᠬᠦᠷᠦᠭᠰᠡᠨ ᠤᠤ︖ ᠲᠡᠷᠡ ᠨᠠᠷᠢᠨ | ᠬᠢᠨᠠᠮᠠᠭᠠᠢ ᠯᠠᠪᠯᠠᠨ ᠠᠰᠠᠭᠤᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠳᠤ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠪᠴᠠᠩ ᠢ ᠳᠠᠬᠢᠨ | ᠳᠠᠪᠲᠠᠨ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠲᠠᠪᠴᠠᠩ ᠤᠨ ᠡᠬᠢ ᠪᠠᠶᠠᠯᠢᠭ ᠢ ᠤᠯᠠᠮ ᠨᠢᠭᠡ ᠠᠯᠬᠤᠮ | ᠰᠠᠶᠢᠲᠤᠷ ᠬᠡᠷᠡᠭᠯᠡᠵᠦ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠤᠷᠤᠭᠴᠢᠳ ᠤᠨ ᠬᠢᠷᠢ ᠪᠦᠲᠦᠮᠵᠢ ᠶᠢ ᠨᠢ | ᠳᠡᠭᠡᠭᠰᠢᠯᠡᠭᠦᠯᠬᠦ ᠳᠤ ᠬᠠᠪᠰᠤᠷᠬᠤ ᠬᠡᠷᠡᠭᠲᠡᠢ ᠭᠡᠵᠦ ᠵᠠᠬᠢᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠯᠢ ᠰᠢᠶᠠ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ ᠲᠡᠷᠡ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ︽ᠤᠯᠤᠰ ᠤᠨ ᠶᠡᠭᠡ ᠶᠠᠪᠤᠳᠠᠯ︾ ᠤᠨ ᠦᠨᠳᠦᠷᠴᠡ ᠠᠴᠠ | ᠡᠨᠡ ᠬᠦ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠠᠵᠢᠯ ᠤᠨ ᠭᠤᠣᠯ ᠰᠢᠵᠢᠮ ᠤᠨ ᠰᠠᠭᠤᠷᠢ ᠢᠨᠵᠧᠨᠧᠷᠢᠩ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠴᠢᠬᠤᠯᠠ ᠠᠵᠢᠯ ᠤᠨ ᠠᠭᠤᠯᠭ᠎ᠠ ᠶᠢᠨ ᠨᠢᠭᠡ ᠪᠣᠯᠭᠠᠵᠤ᠂ ︽ᠠᠯᠢᠪᠠ | ᠪᠦᠬᠦᠨ ᠬᠡᠦᠬᠡᠳ ᠤᠨ ᠲᠥᠯᠥᠭᠡ︾ ᠪᠠᠶᠢᠬᠤ ᠬᠠᠷᠠᠭᠠᠰᠤ ᠠᠴᠠ ᠡᠭᠦᠰᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠢ ᠭᠡᠪᠡ᠃ ᠲᠡᠷᠡ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠳᠤ ︽ᠨᠢᠭᠡ ᠯᠡ ᠤᠳᠠᠭ᠎ᠠ ᠳᠡᠯᠭᠡᠷᠡᠭᠦᠯᠦᠭᠡᠳ ᠯᠡ ᠪᠤᠯᠴᠢᠬᠠᠬᠤ ᠪᠢᠰᠢ︾᠂ ᠡᠷᠬᠡᠪᠰᠢ | ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠂ 2 ᠰᠠᠷ᠎ᠠ ᠠᠴᠠ ᠡᠮᠦᠨ᠎ᠡ ᠡᠯ᠎ᠡ ᠬᠢᠴᠢᠶᠡᠯ ᠲᠦᠷᠦᠯ ᠤᠨ ᠪᠠᠭᠰᠢ ᠶᠢ ᠰᠠᠶᠢᠳᠤᠷ ᠲᠣᠬᠢᠷᠠᠭᠤᠯᠬᠤ ᠪᠠᠷ ᠴᠢᠷᠮᠠᠶᠢᠬᠤ | ᠬᠡᠷᠡᠭᠲᠡᠢ᠃ ᠳᠠᠭᠤᠷᠢᠶᠠᠮᠠᠯ ᠰᠢᠯᠭᠠᠯᠲᠠ ᠶᠢᠨ ᠪᠣᠳᠠᠲᠤ ᠰᠣᠷᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠪᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠠᠩᠭᠢ᠂ ᠰᠢᠨᠵᠢᠯᠡᠭᠡᠨ ᠤ ᠰᠠᠯᠠᠭ᠎ᠠ᠂ ᠰᠤᠷᠤᠭᠴᠢᠳ ᠲᠤ ᠬᠦᠷᠲᠡᠯ᠎ᠡ | ᠨᠠᠷᠢᠯᠢᠭᠵᠢᠭᠤᠯᠵᠤ᠂ ᠰᠤᠷᠭᠠᠭᠤᠯᠢ᠂ ᠭᠡᠷ ᠤᠨ ᠠᠬᠠᠮᠠᠳ᠂ ᠰᠤᠷᠤᠭᠴᠢᠳ ᠤᠨ ᠬᠠᠮᠵᠢᠯᠴᠠᠨ ᠬᠦᠳᠡᠯᠦᠯᠴᠡᠬᠦ ᠶᠢ | ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠤᠷᠤᠭᠴᠢᠳ ᠤᠨ ᠰᠤᠷᠤᠯᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠶᠠᠮᠠᠷᠪᠠ ᠨᠢᠭᠡ ᠬᠡᠦᠬᠡᠳ ᠢ ᠴᠦ ᠡᠩᠨᠡᠭᠡ ᠠᠴᠠ ᠬᠤᠴᠣᠷᠤᠭᠤᠯᠵᠤ ᠪᠣᠯᠬᠤ ᠦᠭᠡᠢ᠃ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠡᠯ᠎ᠡ ᠵᠦᠢᠯ ᠤᠨ ᠠᠵᠢᠯ ᠢ ᠳᠣᠣᠱᠳᠠᠢ | ᠠᠳᠬᠤᠵᠤ᠂ ᠳᠣᠣᠱᠳᠠᠢ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠬᠢᠨ ᠬᠠᠷᠠᠯᠲᠠ ᠪᠠᠨ ᠴᠢᠩᠭ᠎ᠠ | ᠠᠩᠬᠠᠷᠴᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠤᠷᠭᠠᠨ | ᠬᠥᠮᠦᠵᠢᠯ ᠤᠨ ᠲᠢᠩᠬᠢᠮ ᠱᠠᠯᠠᠪᠳᠠᠭᠤᠯᠤᠨ ᠬᠠᠪᠰᠤᠷᠬᠤ ᠶᠢ ᠤᠶᠠᠯᠳᠤᠭᠤᠯᠵᠤ᠂ ᠡᠯ᠎ᠡ ᠭᠠᠵᠠᠷ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠱᠢ ᠭᠤᠸᠠᠩ ᠬᠤᠢ᠂ ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ |