ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠨᠡᠶᠢᠭᠡᠮ ᠤᠨ ᠡᠯ᠎ᠡ ᠡᠲᠡᠭᠡᠳ᠂ ᠠᠵᠢᠯ ᠲᠥᠷᠥᠯ ᠤᠨ ᠬᠢᠨ ᠢ ᠵᠤᠬᠢᠶᠠᠨ ᠪᠠᠶᠢᠭᠤᠯᠤᠨ ᠬᠤᠶᠠᠷ ᠤᠳᠠᠭᠠᠨ ᠤ ᠶᠠᠷᠢᠯᠴᠠᠬᠤ | ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠵᠡᠷᠭᠡ ᠵᠢᠷᠭᠤᠭᠠᠨ ᠶᠡᠭᠡ ᠳᠡᠰ ᠳᠡᠪᠰᠢᠬᠦᠯᠬᠦ ᠠᠵᠢᠯᠯᠠᠭᠠᠨ ᠤ | ᠲᠤᠬᠠᠢ ᠰᠠᠨᠠᠯ ᠢ ᠥᠷᠭᠡᠨ ᠢᠶᠠᠷ ᠬᠤᠷᠢᠶᠠᠭᠰᠠᠨ ᠪᠠᠶᠢᠨ᠎ᠠ᠃ ᠤᠶᠢᠯᠠᠭᠠᠭᠰᠠᠨ ᠢᠶᠠᠷ᠂ ᠮᠠᠨ ᠤ ᠤᠷᠤᠨ 2025 | ᠣᠨ ᠠᠴᠠ ᠡᠬᠢᠯᠡᠨ ᠭᠤᠷᠪᠠᠨ ᠵᠢᠯ ᠤᠨ ᠴᠠᠭ ᠢ ᠬᠡᠷᠡᠭᠰᠡᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ | ᠵᠢᠷᠭᠤᠭᠠᠨ ᠶᠡᠭᠡ ᠳᠡᠰ ᠳᠡᠪᠰᠢᠭᠦᠯᠬᠦ ᠠᠵᠢᠯᠯᠠᠭᠠᠨ ᠢ ᠦᠷᠨᠢᠭᠦᠯᠬᠦ ᠪᠠᠷ ᠪᠤᠢ᠃ | ᠪᠦᠬᠦ ᠣᠷᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠳᠤ ᠬᠠᠨᠳᠤᠭᠤᠯᠤᠭᠰᠠᠨ ᠵᠢᠷᠭᠤᠭᠠᠨ ᠶᠡᠭᠡ | ᠳᠡᠰ ᠳᠡᠪᠰᠢᠭᠦᠯᠬᠦ ᠠᠵᠢᠯᠯᠠᠭᠠᠨ ᠪᠤᠯ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠴᠢᠨᠠᠷ ᠰᠠᠶᠢᠳᠠᠢ | ᠬᠥᠭᠵᠢᠯᠲᠡ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ᠂ ᠲᠤᠰᠬᠠᠢ | ᠮᠡᠷᠭᠡᠵᠢᠯ ᠤᠨ ᠣᠷᠣᠨ ᠪᠦᠰᠡ ᠶᠢᠨ ᠡᠮᠴᠢᠯᠠᠭᠡᠨ ᠤ ᠲᠥᠪ ᠤᠨ ᠪᠠᠶᠢᠭᠤᠯᠤᠯᠲᠠ᠂ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶ᠎ᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠮᠡᠳᠡᠭᠡ ᠵᠠᠩᠭᠢᠵᠢᠯᠲᠠ ᠶᠢ ᠬᠠᠷᠢᠯᠴᠠᠨ ᠨᠡᠪᠲᠡᠷᠡᠯᠴᠡᠬᠦᠯᠵᠦ ᠬᠠᠮᠲᠤ ᠪᠠᠷ ᠡᠳ᠋ᠯᠡᠬᠦ᠂ ᠡᠮᠴᠢ ᠡᠪᠡᠳᠴᠢᠳᠠᠨ ᠬᠤᠶᠠᠷ | ᠳᠠᠯ᠎ᠠ ᠪᠠᠷ ᠢᠶᠠᠨ ᠬᠠᠨᠤᠮᠵᠢᠳᠠᠢ ᠵᠡᠷᠭᠡ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠪᠠ | ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠪᠤᠯᠤᠨ᠎ᠠ᠃ | ᠤᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠷᠭᠤᠭᠠᠨ ᠶᠡᠭᠡ ᠳᠡᠰ ᠳᠡᠪᠰᠢᠭᠦᠯᠬᠦ ᠠᠵᠢᠯᠯᠠᠭᠠᠨ ᠤ | ᠲᠥᠯᠥᠪᠯᠡᠭᠡ ︵2025 — 2027 ᠣᠨ︶︾ ︵ᠰᠠᠨᠠᠯ ᠬᠤᠷᠢᠶᠠᠬᠤ ᠡᠬᠡ ᠨᠣᠣᠷᠠᠭ︶ ᠤᠨ ᠲᠣᠭᠤᠷᠢᠨ ᠳᠤ | ᠠᠵᠢᠯ ᠲᠥᠷᠥᠯ ᠤᠨ ᠳᠣᠲᠣᠷ᠎ᠠ ᠭᠠᠳᠠᠨᠠᠬᠢ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠠᠵᠢᠯᠯᠠᠭᠠᠨ ᠤ | ᠲᠥᠯᠥᠪᠯᠡᠭᠡ ᠶᠢ ᠴᠢᠨᠠᠭᠰᠢᠳᠠ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ | ᠬᠤᠷᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢ ᠬᠠᠮᠲᠤ ᠪᠠᠷ ᠠᠬᠢᠭᠤᠯᠬᠤ ᠥᠷᠭᠡᠨ ᠳᠡᠯᠭᠡᠷ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃ |