ᠰᠦᠨ ᠱᠤᠤ ᠴᠧᠩ ᠬᠥᠬᠡᠬᠤᠲᠠ ᠳᠤ ᠪᠤᠳᠤᠯᠳᠠ ᠶᠢᠨ ᠬᠦᠴᠦᠨ ᠤ ᠠᠵᠤ ᠦᠢᠯᠡᠰ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/3
    1 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠥᠬᠡᠬᠤᠲᠠ ᠳᠤ ᠪᠤᠳᠤᠯᠳᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠰᠦᠨ ᠱᠤᠤ ᠴᠧᠩ ᠤᠷᠢᠳ ᠬᠤᠵᠢᠳ ᠳᠤᠮᠳᠠᠳᠤ ᠤᠯᠤᠰ ᠤᠨ ᠰᠢᠯᠵᠢᠮᠡᠯ ᠳ᠋ᠠᠶᠢᠲ᠋ᠠ ᠶᠢᠨ ᠲᠥᠪ᠂ ᠬᠤᠷᠢᠨᠭᠡᠷ ᠤᠨ ᠳ᠋ᠠᠶᠢᠲ᠋ᠠ ᠶᠢᠨ ᠲᠣᠮᠣ ᠠᠰᠠᠷ ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ ᠪᠠ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠵᠠᠢ᠃    ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠪᠤᠳᠤᠯᠳᠠ ᠶᠢᠨ ᠬᠦᠴᠦᠨ ᠤ ᠠᠵᠤ ᠦᠢᠯᠡᠰ ᠢ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠴᠢᠬᠤᠯᠠ ᠴᠢᠭᠯᠡᠯ ᠪᠣᠯᠤᠨ᠎ᠠ᠃ ᠬᠥᠬᠡᠬᠤᠲᠠ ᠶᠢᠨ ᠪᠤᠳᠤᠯᠳᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠨᠠᠩ ᠰᠠᠶᠢᠳᠤᠷ ᠬᠢᠵᠦ᠂ ᠭᠤᠤᠯᠳᠠᠭᠤ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠨᠡᠮᠡᠭᠳᠡᠭᠦᠯᠬᠦ ᠳᠡᠭᠡᠷ᠎ᠡ ᠬᠦᠴᠦ ᠤᠷᠤᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠷ᠎ᠡ ᠠᠰᠢᠭ ᠢ ᠡᠷᠬᠢᠮᠯᠡᠵᠦ᠂ ᠠᠷᠭ᠎ᠠ ᠪᠦᠬᠦᠨ ᠢ ᠰᠦᠪᠡᠭᠴᠢᠯᠡᠨ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠦᠷᠲᠡᠭ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠪᠤᠳᠤᠯᠳᠠ ᠶᠢᠨ ᠬᠦᠴᠦᠨ ᠤ ᠠᠵᠦ ᠦᠢᠯᠡᠰ ᠠᠴᠠ ᠠᠵᠤ ᠠᠬᠤᠢ ᠶᠢᠨ ᠨᠡᠮᠡᠭᠳᠡᠯ᠂ ᠡᠳ᠋ ᠤᠨ ᠵᠠᠰᠠᠭ ᠤᠨ ᠣᠷᠣᠯᠭ᠎ᠠ᠂ ᠤᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠭᠡᠵᠢᠩ ᠯᠦᠭᠡ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠤᠨ ᠬᠦᠴᠦᠨ ᠢ ᠠᠰᠢᠭᠯᠠᠨ ᠪᠤᠳᠤᠯᠳᠠ ᠶᠢᠨ ᠬᠦᠴᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃    ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ  ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠨᠢᠭᠡ ᠭᠤᠣᠯ ᠰᠢᠵᠢᠮ︾ ᠢ ᠳᠣᠣᠱᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠨᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠪᠣᠳᠠᠲᠠᠢ ᠰᠡᠳᠭᠢᠴᠡ ᠪᠠ ᠠᠷᠭ᠎ᠠ ᠬᠡᠮᠵᠢᠶ᠎ᠠ ᠪᠣᠯᠤᠨ᠎ᠠ᠃ ︽ᠵᠢᠷᠭᠤᠭᠠᠨ ᠠᠵᠢᠯᠯᠠᠭ᠎ᠠ︾ ᠪᠣᠯ ᠨᠢᠭᠲᠠ ᠬᠤᠯᠪᠣᠭ᠎ᠠ ᠲᠠᠢ ᠣᠷᠭᠠᠨᠢᠭ ᠪᠦᠬᠦᠯᠢ ᠴᠣᠭᠴᠠ ᠮᠥᠨ᠂ ᠡᠯ᠎ᠡ ᠠᠵᠢᠯ ᠲᠥᠷᠥᠯ᠂ ᠡᠯ᠎ᠡ ᠰᠢᠰᠲ᠋ᠧᠮ᠂ ᠡᠯ᠎ᠡ ᠨᠢᠭᠡᠴᠡ ᠪᠣᠯᠤᠨ ᠡᠯ᠎ᠡ ᠲᠥᠷᠥᠯ ᠵᠦᠢᠯ ᠨᠢ ᠴᠥᠮ ᠭᠠᠷᠳᠠᠬᠤ ᠴᠡᠭ ᠢᠶᠠᠨ ᠣᠨᠣᠪᠴᠢᠲᠠᠶ ᠡᠷᠢᠵᠦ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠪᠡᠷ ᠥᠪᠡᠷ ᠤᠨ ᠬᠢ ᠪᠠᠨ ᠬᠢᠵᠦ᠂ ᠠᠰ ᠠᠰ ᠲᠠᠭᠠᠨ ᠲᠤᠯᠤᠯᠳᠤᠬᠤ ᠶᠢ ᠰᠡᠷᠭᠡᠶᠢᠯᠡᠬᠦ ᠬᠡᠷᠡᠭᠲᠡᠶ᠃ ᠵᠢᠳᠭᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠨᠡᠩ ᠰᠠᠶᠢᠲᠤᠷ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠣᠯᠤᠨ ᠤᠯᠠᠨ ᠲᠦᠮᠡᠨ ᠳᠤ ᠦᠢᠯᠡᠴᠢᠯᠡᠬᠦ ︽ᠭᠤᠷᠪᠠᠨ ᠲᠦᠪᠰᠢᠨ︾ ᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠵᠤᠷᠢᠭ ᠢ ᠲᠠᠰᠤᠷᠠᠯᠳᠠ ᠦᠭᠡᠢ ᠬᠦᠪᠴᠢᠯᠡᠬᠦ ᠬᠡᠷᠡᠭᠲᠡᠢ ᠭᠡᠵᠤ ᠬᠡᠯᠡᠪᠡ᠃    ᠪᠦᠦ ᠭᠠᠩ᠂ ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号