ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢ ᠶᠡᠬᠡᠪᠡᠷ ᠠᠬᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠪᠠ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠶᠢᠲᠡ 38.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 10 ᠺᠢᠯᠣᠮᠧᠲᠷ ᠤᠨ ᠬᠤᠲᠠ ᠶᠢᠨ ᠶᠠᠪᠤᠳᠠᠯ ᠤᠨ ᠵᠠᠮ᠂ 21 | ᠺᠢᠯᠣᠮᠧᠲᠷ ᠤᠨ ᠤᠳᠠᠭᠠᠨ ᠶᠠᠪᠤᠬᠤ ᠵᠠᠮ᠂ ᠲᠡᠷᠭᠡᠨ ᠵᠣᠭᠰᠣᠭᠠᠯ 15 ᠶᠢ ᠰᠢᠨ᠎ᠡ ᠪᠠᠷ ᠪᠠᠶᠢᠭᠤᠯᠵᠤ᠂ ᠬᠤᠲᠠ | ᠪᠠᠯᠭᠠᠰᠤᠨ ᠤ ᠵᠠᠮ ᠤᠨ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ | ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠳᠤ ᠶᠠᠰᠤ ᠴᠢᠨᠠᠷ ᠢ ᠳᠡᠭᠡᠭᠰᠢᠯᠡᠭᠦᠯᠬᠦ | ᠥᠭᠡᠷᠡᠴᠢᠯᠡᠯᠲᠡ ᠬᠢᠵᠦ᠂ ᠬᠤᠲᠠ ᠶᠢᠨ ᠨᠠᠷᠢᠨ ᠵᠦᠢᠯᠡᠰ ᠠᠴᠠ ᠭᠠᠷᠳᠠᠵᠤ᠂ ᠬᠤᠲᠠ ᠶᠢᠨ ᠲᠣᠭᠤᠷᠢᠭ ᠤᠨ 7 ᠭᠤᠣᠯ | ᠵᠠᠮ ᠤᠨ ᠲᠡᠷᠭᠡ ᠶᠠᠪᠤᠬᠤ ᠲᠡᠮᠳᠡᠭ ᠱᠤᠭᠤᠮ ᠢ ᠲᠡᠭᠦᠯᠳᠡᠷᠵᠢᠭᠦᠯᠵᠦ᠂ ᠭᠤᠣᠯ ᠪᠣᠯᠬᠤ ᠵᠠᠮ ᠬᠠᠷᠢᠯᠴᠠᠭᠠᠨ ᠤ 12 | ᠵᠠᠮ ᠤᠨ ᠠᠭᠤᠯᠵᠠᠷ ᠲᠤ ᠶᠠᠪᠠᠭᠠᠨ ᠬᠥᠮᠥᠨ ᠪᠠ ᠮᠠᠰᠢᠨᠲᠤ ᠪᠤᠰᠤ ᠲᠡᠷᠭᠡᠨ ᠤ ᠲᠤᠰᠬᠠᠢ ᠬᠡᠷᠡᠭᠯᠡᠬᠦ ᠵᠠᠮ ᠢ ᠨᠡᠮᠡᠨ | ᠪᠠᠶᠢᠭᠤᠯᠵᠤ᠂ ᠮᠠᠰᠢᠨ ᠲᠡᠷᠭᠡ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ ᠪᠠᠶᠢᠷᠢ ᠶᠢ ᠵᠠᠭᠠᠭᠯᠠᠨ ᠲᠣᠭᠲᠠᠭᠠᠵᠤ | ᠂ ᠵᠠᠮ ᠤᠨ ᠭᠠᠳᠠᠷᠭᠤ ᠶᠢᠨ ᠬᠤᠲᠣᠭᠤᠷ ᠭᠠᠵᠠᠷ ᠢ ᠰᠡᠯᠪᠢᠨ ᠵᠠᠰᠠᠵᠤ᠂ 14 ᠤᠯᠠᠨ ᠨᠡᠶᠢᠲᠡ ᠶᠢᠨ ᠠᠷᠢᠭᠤᠨ | ᠴᠡᠪᠡᠷ ᠤᠨ ᠲᠠᠰᠤᠯᠭ᠎ᠠ᠂ 12 ᠬᠠᠭᠤᠴᠢᠨ ᠵᠢᠵᠢᠭ ᠲᠣᠭᠤᠷᠢᠭ ᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠵᠠᠰᠠᠵᠤ᠂ | 4 ᠠᠮᠢ ᠠᠬᠤᠢ ᠶᠢᠨ ᠴᠡᠴᠡᠷᠯᠢᠭ᠂ 8 ᠪᠠᠭ᠎ᠠ ᠴᠡᠴᠡᠷᠯᠢᠭ ᠢ ᠰᠢᠨ᠎ᠡ ᠪᠠᠷ ᠪᠠᠶᠢᠭᠤᠯᠤᠨ ᠰᠡᠯᠪᠢᠨ ᠵᠠᠰᠠᠵᠤ᠂ | ᠬᠤᠳᠠ ᠶᠢᠨ ᠴᠢᠳᠠᠮᠵᠢᠲᠤ ᠲᠥᠬᠦᠭᠡᠷᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠠᠭᠤᠭᠠᠯᠢ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠤᠯᠠᠨ ᠲᠦᠮᠡᠨ ᠳᠤ ᠵᠣᠯ ᠵᠢᠷᠭᠠᠯ ᠤᠨ | ᠲᠥᠷᠥᠭᠳᠡᠯ ᠢ ᠣᠯᠭᠤᠪᠠ᠃ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠴᠡᠪᠡᠷ ᠲᠡᠭᠰᠢ ᠡᠮᠬᠢ ᠳᠢᠭᠯᠢᠮ ᠲᠠᠢ᠂ ᠪᠣᠯᠪᠠᠰᠤᠨ ᠡᠶ᠎ᠡ ᠵᠣᠬᠢᠴᠠᠩᠭᠤᠢ ᠬᠤᠲᠠ ᠶᠢᠨ | ᠳᠦᠷᠰᠦ ᠪᠠᠶᠢᠳᠠᠯ ᠢ ᠪᠤᠶ ᠪᠣᠯᠭᠠᠵᠤ᠂ ᠡᠵᠡᠨ᠎ᠡ ᠬᠤᠰᠢᠭᠤ 66 ᠲᠣᠣᠷᠵᠢᠯ ᠢ ᠬᠤᠪᠢᠶᠠᠷᠢᠯᠠᠵᠤ᠂ ︽ᠲᠣᠭᠤᠷᠢᠨ | ᠪᠠᠶᠢᠴᠠᠭᠠᠬᠤ — ᠬᠠᠷᠢᠭᠤ ᠲᠤᠰᠬᠠᠬᠤ — ᠵᠣᠬᠢᠴᠠᠭᠤᠯᠬᠤ — ᠰᠢᠢᠳᠪᠦᠷᠢᠯᠡᠬᠦ — ᠱᠠᠯᠠᠪᠳᠠᠭᠤᠯᠤᠨ | ᠪᠠᠶᠢᠴᠠᠭᠠᠬᠤ︾ ᠲᠠᠪᠤᠨ ᠠᠯᠬᠤᠮ ᠤᠨ ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠪᠠᠶᠢᠭᠤᠯᠵᠤ᠂ ᠬᠤᠳᠠ ᠶᠢᠨ | ᠦᠵᠡᠮᠵᠢ ᠶᠢᠨ ᠡᠮᠬᠢ ᠳᠢᠭᠯᠢᠮ᠂ ᠭᠤᠶᠣᠵᠢᠭᠤᠯᠬᠤ ᠭᠡᠷᠡᠯᠳᠦᠬᠦᠯᠭᠡ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠤᠨ ᠨᠣᠭᠤᠭᠠᠷᠠᠭᠤᠯᠤᠯᠲᠠ᠂ ᠲᠡᠷᠭᠡ ᠵᠣᠭᠰᠣᠬᠤ ᠡᠮᠬᠢ | ᠳᠢᠭᠯᠢᠮ ᠵᠡᠷᠭᠡ ᠬᠦᠷᠢᠶᠡᠨ ᠤ ᠲᠤᠰᠬᠠᠢ ᠵᠠᠰᠠᠯᠲᠠ ᠶᠢ ᠥᠷᠨᠢᠭᠦᠯᠵᠦ᠂ ᠪᠦᠬᠦ ᠲᠠᠯ᠎ᠠ ᠶᠢᠨ ᠬᠤᠳᠠ ᠶᠢᠨ | ᠬᠠᠮᠢᠶᠠᠷᠤᠯᠲᠠ ᠶᠢᠨ ᠦᠢᠯᠡᠴᠢᠯᠡᠭᠡ ᠶᠢ ᠬᠠᠩᠭᠠᠵᠤ᠂ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠬᠦᠯᠪᠡ᠃ | ᠨᠣᠮ ᠤᠨ ᠰᠠᠩ ᠤᠨ ᠣᠷᠴᠢᠨ ᠲᠣᠭᠤᠷᠢᠨ ᠰᠠᠶᠢᠨ᠂ ᠰᠤᠷᠤᠯᠴᠠᠬᠤ ᠠᠭᠤᠷ ᠠᠮᠢᠰᠬᠤᠯ ᠰᠠᠶᠢᠨ ᠪᠣᠯᠬᠤᠷ ᠮᠠᠰᠢ | ᠣᠯᠠᠨ ᠣᠩᠰᠢᠭᠴᠢ ᠡᠪᠦᠯ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠣᠮ ᠤᠨ ᠰᠠᠩ ᠳᠤ ᠤᠴᠢᠵᠦ ᠨᠣᠮ | ᠣᠩᠰᠢᠳᠠᠭ᠃ ᠨᠣᠮ ᠤᠨ ᠰᠠᠩ ᠤᠨ ᠪᠠᠷᠢᠯᠭ᠎ᠠ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠪᠠᠶᠢᠵᠤ᠂ | ᠬᠠᠳᠠᠭᠠᠯᠠᠬᠤ ᠵᠢᠭᠡᠯᠡᠬᠦ ᠤᠩᠰᠢᠬᠤ ᠶᠢ ᠨᠢᠭᠡ ᠴᠣᠭᠴᠠᠵᠢᠭᠤᠯᠤᠭᠰᠠᠨ ᠨᠣᠮ ᠤᠩᠰᠢᠬᠤ ᠲᠣᠭᠤᠷᠢᠭ᠂ ᠰᠣᠨᠢᠨ ᠰᠡᠳᠬᠦᠯ | ᠤᠩᠰᠢᠬᠤ ᠲᠣᠭᠤᠷᠢᠭ᠂ ᠡᠯᠧᠺᠲᠷᠣᠨ ᠤᠩᠰᠢᠯᠭ᠎ᠠ ᠶᠢᠨ ᠲᠣᠭᠤᠷᠢᠭ᠂ ᠰᠢᠨᠵᠢᠯᠡᠭᠡ ᠮᠡᠷᠭᠡᠵᠢᠯ ᠤᠨ ᠪᠡᠶᠡᠴᠢᠯᠡᠨ | ᠣᠶᠢᠯᠠᠭᠠᠬᠤ ᠲᠣᠭᠤᠷᠢᠭ ᠵᠡᠷᠭᠡ 12 ᠴᠢᠳᠠᠮᠵᠢᠲᠤ ᠣᠷᠣᠨ ᠲᠠᠢ ᠪᠠᠶᠢᠵᠤ᠂ ᠵᠢᠯ ᠪᠦᠷᠢ ᠳᠤᠮᠳᠠᠴᠢ ᠪᠠᠷ 2 | ᠲᠦᠮᠡ ᠠᠴᠠ ᠳᠡᠭᠡᠭᠰᠢ ᠬᠥᠮᠥᠨ ᠤᠳᠠᠭ᠎ᠠ ᠳᠤ ᠦᠢᠯᠡᠴᠢᠯᠡᠵᠦ ᠪᠠᠶᠢᠨ᠎ᠠ᠃ ᠡᠵᠡᠨ᠎ᠡ ᠬᠤᠰᠢᠭᠤ ︽ᠨᠣᠮ ᠤᠨ | ᠰᠤᠷᠪᠤᠯᠵᠢᠲᠤ ᠡᠵᠡᠨ᠎ᠡ︾ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠡᠶᠢᠭᠡᠮ ᠤᠨ ᠡᠯ᠎ᠡ | ᠡᠲᠡᠭᠡᠳ ᠤᠨ ᠬᠦᠴᠦᠨ ᠢ ᠳᠠᠶᠢᠴᠢᠯᠠᠨ᠂ ᠡᠷᠡᠭᠦᠯ ᠦᠭᠡᠳᠡᠷᠡᠭ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠪᠠ | ᠨᠠᠷᠢᠯᠢᠭ ᠣᠨᠣᠴᠠᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠢ | ᠪᠥᠬᠦ ᠠᠷᠠᠳ ᠤᠨ ᠤᠩᠰᠢᠯᠭ᠎ᠠ ᠳᠤ ᠣᠷᠣᠯᠴᠠᠭᠤᠯᠵᠤ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ ᠰᠣᠶᠣᠯ ᠤᠨ ᠬᠦᠷᠲᠡᠮᠵᠢ ᠪᠠ ᠵᠣᠯ | ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃ | 2015 ᠣᠨ ᠳᠤ᠂ ᠡᠵᠡᠨ᠎ᠡ ᠬᠤᠰᠢᠭᠤ ᠡᠩ ᠲᠡᠷᠢᠭᠦᠨ ᠳᠤ ᠪᠥᠬᠦ ᠠᠶᠢᠮᠠᠭ ᠲᠤ ᠤᠯᠤᠰ ᠤᠨ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠬᠤ ᠬᠤᠰᠢᠭᠤ︾ | ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠶᠢ ᠪᠠᠲᠤᠯᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠠᠵᠢᠯ ᠤᠨ ᠭᠤᠣᠯᠳᠠᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠳᠠᠶᠢᠰᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ | ᠲᠠᠰᠤᠷᠠᠯᠲᠠ ᠦᠭᠡᠢ ᠥᠷᠭᠡᠳᠭᠡᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠭᠦᠨᠵᠡᠭᠡᠶᠢᠷᠡᠭᠦᠯᠵᠦ᠂ ᠰᠤᠷᠭᠠᠨ | ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠂ ᠠᠷᠠᠳ ᠤᠨ ᠭᠡᠷ ᠤᠨ ᠡᠭᠦᠳᠡᠨ ᠳᠠᠬᠢ | ᠰᠤᠷᠭᠠᠭᠤᠯᠢ ᠶᠢ ᠰᠠᠶᠢᠲᠤᠷ ᠡᠷᠭᠢᠯᠡᠵᠦ᠂ ᠡᠵᠡᠨ᠎ᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠥᠨᠳᠥᠷ ᠬᠢᠷᠢ | ᠲᠦᠪᠰᠢᠨ᠂ ᠲᠥᠪ ᠭᠤᠥᠯᠴᠢ᠂ ᠴᠢᠨᠠᠷ ᠰᠠᠶᠢᠲᠠᠢ ᠰᠢᠨ᠎ᠡ ᠠᠶᠠᠨ ᠵᠠᠮ ᠳᠤ ᠣᠷᠣᠭᠤᠯᠵᠡᠢ᠃ ᠪᠥᠬᠦ ᠬᠤᠰᠢᠭᠤᠨ ᠤ | ᠡᠯ᠎ᠡ ᠳᠤᠮᠳᠠᠳᠤ ᠪᠠᠭ᠎ᠠ ᠰᠤᠷᠭᠠᠭᠤᠯᠢ ᠤᠷᠢᠳ ᠬᠤᠵᠢᠳ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠠᠵᠢᠯ ᠤᠨ ᠲᠡᠷᠢᠭᠦᠨ ᠤ ᠬᠠᠮᠲᠤ ᠨᠡᠶᠢᠳᠡ ᠵᠡᠷᠭᠡ ᠢᠷᠠᠭᠤ | ᠠᠯᠳᠠᠷ ᠢ ᠬᠦᠷᠳᠡᠪᠡ᠃ | ᠡᠵᠡᠨ᠎ᠡ ᠬᠤᠰᠢᠭᠤᠨ ᠳᠤ 45 ᠲᠦᠮᠡᠨ ᠮᠦ ᠲᠣᠣᠷᠠᠢ ᠶᠢᠨ ᠤᠢ ᠲᠠᠢ᠂ ᠮᠥᠨ ᠴᠦ ᠳᠡᠷᠡ ᠨᠢ ᠳᠡᠯᠡᠬᠡᠢ ᠳᠤ | ᠦᠯᠡᠳᠡᠵᠦ ᠪᠠᠶᠢᠭ᠎ᠠ ᠭᠤᠷᠪᠠᠨ ᠶᠡᠭᠡ ᠪᠠᠶᠢᠭᠠᠯᠢᠯᠢᠭ ᠲᠣᠣᠷᠠᠢ ᠶᠢᠨ ᠤᠢ ᠶᠢᠨ ᠨᠢᠭᠡ ᠪᠣᠯᠣᠨ᠎ᠠ᠂ ᠵᠢᠯ ᠪᠦᠷᠢ ᠶᠢᠨ | ᠠᠷᠪᠠᠨ ᠰᠠᠷ᠎ᠠ ᠳᠤ ᠡᠵᠡᠨ᠎ᠡ ᠬᠤᠰᠢᠭᠤ ᠬᠠᠮᠤᠭ ᠤᠨ ᠭᠤᠶᠤ ᠴᠠᠭ ᠢᠶᠠᠨ ᠣᠭᠳᠣᠵᠣ᠂ ᠵᠣᠭᠠᠴᠠᠭᠰᠠᠳ ᠤᠨ ᠳᠣᠭᠤᠷᠢᠨ | ᠵᠣᠭᠠᠴᠠᠬᠤ ᠰᠠᠶᠢᠨ ᠰᠣᠩᠭᠤᠯᠳᠠ ᠪᠣᠯᠳᠠᠭ᠃ ᠡᠵᠡᠨ᠎ᠡ ᠶᠢᠨ ᠰᠣᠶᠣᠯ ᠤᠨ ᠵᠡᠭᠡᠯᠢ ᠲᠣᠭᠤᠷᠢᠭ ᠤᠨ ᠥᠪᠡᠷᠮᠢᠴᠡ | ᠣᠨᠴᠠᠯᠢᠭ ᠲᠠᠢ ᠪᠠᠷᠢᠯᠭ᠎ᠠ ᠶᠢᠨ ᠬᠡᠪ ᠨᠠᠮᠪᠠ ᠨᠢ ᠬᠥᠮᠥᠰ ᠤᠨ ᠠᠩᠬᠠᠷᠤᠯ ᠢ ᠣᠨᠴᠠ ᠳᠠᠳᠠᠳᠠᠭ᠃ ᠰᠡᠶᠢᠯᠦᠮᠡᠯ | ᠵᠢᠷᠤᠭ ᠲᠠᠢ᠂ ᠥᠩᠭᠡ ᠪᠤᠳᠤᠭ ᠰᠣᠯᠣᠩᠭᠠᠷᠠᠭᠰᠠᠨ ᠪᠠᠷᠢᠯᠭ᠎ᠠ ᠶᠢᠨ ᠭᠠᠳᠠᠷ ᠲᠠᠯ᠎ᠠ ᠨᠢ ᠤᠯᠠᠮᠵᠢᠯᠠᠯᠲᠤ ᠰᠣᠶᠣᠯ ᠪᠠ | ᠣᠲᠣ ᠦᠶ᠎ᠡ ᠶᠢᠨ ᠭᠠᠷ ᠤᠷᠠᠯᠠᠯ ᠤᠨ ᠷᠢᠳᠢ ᠰᠢᠳᠢ ᠶᠢ ᠬᠠᠷᠠᠭᠤᠯᠵᠤ ᠪᠠᠶᠢᠳᠠᠭ᠃ ᠰᠣᠶᠣᠯ ᠤᠨ ᠵᠡᠭᠡᠯᠢ | ᠲᠣᠭᠤᠷᠢᠭ ᠤᠨ ᠡᠵᠡᠯᠡᠬᠦ ᠲᠠᠯᠠᠪᠠᠢ ᠨᠢ ᠪᠠᠷᠤᠭ 7.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠡᠮᠡᠭᠡᠲᠦ | ᠢᠳᠡᠭᠡᠨ ᠤ ᠵᠡᠭᠡᠯᠢ᠂ ᠡᠯᠡᠰᠣ ᠮᠠᠩᠬᠠᠨ ᠤ ᠢᠳᠡᠭᠡᠨ ᠤ ᠵᠡᠭᠡᠯᠢ᠂ ᠠᠭᠠᠷ ᠠᠶᠠᠯᠠᠯ ᠰᠠᠨᠰᠠᠷ ᠠᠶᠠᠯᠠᠯ ᠤᠨ ᠥᠷᠭᠡᠳᠭᠡᠭᠰᠡᠨ | ᠰᠠᠭᠤᠷᠢᠨ ᠭᠠᠵᠠᠷ ᠵᠡᠷᠭᠡ ᠣᠷᠣᠨ ᠪᠦᠰᠡ ᠶᠢ ᠳᠣᠬᠢᠷᠠᠭᠤᠯᠵᠡᠢ᠃ | ᠡᠵᠡᠨ᠎ᠡ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠦᠭᠵᠢᠯᠳᠡ ᠶᠢ ᠪᠠᠷᠢᠮᠲᠠᠯᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ | ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠡᠯᠡᠰᠦᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠮᠠᠭᠤᠳᠠᠭᠰᠠᠨ ᠨᠤᠲᠤᠭ | ᠪᠡᠯᠴᠢᠭᠡᠷ ᠢ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠲᠡᠷᠡᠴᠢᠯᠡᠨ ᠲᠣᠣᠷᠠᠢ ᠶᠢᠨ ᠤᠶᠢᠲᠤ ᠣᠷᠣᠨ ᠢᠶᠠᠷ ᠭᠤᠣᠯᠳᠠᠯᠭ᠎ᠠ ᠪᠣᠯᠭᠠᠨ᠂ ᠣᠶ ᠰᠢᠭᠤᠢ ᠶᠢᠨ ᠬᠥᠨᠥᠭᠡᠯᠲᠡᠢ ᠠᠮᠢᠳᠤ | ᠪᠣᠳᠠᠰ ᠢ ᠰᠡᠷᠭᠡᠶᠢᠯᠡᠨ ᠵᠠᠰᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠭᠠᠯ ᠤᠨᠲᠠᠷᠠᠭᠠᠬᠤ | ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ︾ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠳᠡᠭᠡᠭᠰᠢᠯᠡᠯᠲᠡ ᠶᠢ ᠪᠠᠷᠢᠮᠲᠠᠯᠠᠵᠤ᠂ ᠰᠢᠰᠲ᠋ᠧᠮ ᠲᠠᠢ ᠪᠠᠷ ᠵᠠᠰᠠᠬᠤ | ᠳᠤᠮᠳᠠ ᠡᠵᠡᠨ᠎ᠡ ᠶᠢᠨ ᠠᠮᠢ ᠠᠬᠤᠢ ᠶᠢ ᠰᠠᠶᠢᠵᠢᠷᠠᠭᠤᠯᠣᠨ᠂ ︽ᠬᠥᠬᠡᠮᠳᠦᠭ ᠨᠣᠭᠤᠭᠠᠨ ᠠᠭᠤᠯᠠ ᠤᠰᠤ︾ ᠠᠴᠠ ︽ | ᠠᠯᠲᠠᠨ ᠠᠭᠤᠯᠠ ᠮᠥᠩᠭᠦᠨ ᠠᠭᠤᠯᠠ︾ ᠳᠠᠶᠢᠰᠢ ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠬᠦᠯᠪᠡ᠃ | ᠣᠶᠢᠷ᠎ᠠ ᠳᠤ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠴᠢᠯᠦᠭᠡᠯᠡᠬᠦ ᠴᠡᠷᠢᠭ ᠤᠨ | ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠶᠢᠰᠦᠳᠦᠭᠡᠷ ᠡᠮᠨᠡᠯᠭᠡ ᠶᠢᠨ ᠲᠥᠪ ᠤᠨ ︽ᠪᠦᠯᠬᠦᠮ ᠮᠠᠶ᠋ᠢᠭ︾ ᠤᠨ | ᠡᠮᠴᠢᠯᠡᠭᠡᠨ ᠤ ᠬᠠᠪᠰᠤᠷᠤᠨ ᠲᠡᠳᠬᠦᠬᠦ ᠪᠦᠯᠬᠦᠮ ᠨᠢ ᠠᠷᠠᠳ ᠳᠦᠮᠡᠨ ᠳᠤ ᠮᠠᠭᠳᠠᠭᠳᠠᠨ ᠰᠠᠶᠢᠰᠢᠶᠠᠭᠳᠠᠵᠣ ᠪᠠᠶᠢᠯ᠎ᠠ᠃ | 2022 ᠣᠨ ᠳᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠶᠢᠰᠦᠳᠦᠭᠡᠷ ᠡᠮᠨᠡᠯᠭᠡ ᠶᠢᠨ ᠲᠥᠪ ᠨᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ | 5 ᠵᠢᠯ ᠤᠨ ᠬᠤᠭᠤᠴᠠᠭ᠎ᠠ ᠲᠠᠢ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ᠨᠢᠳᠦᠨ ᠤ ᠡᠮᠨᠡᠯᠭᠡ᠂ ᠠᠮᠠᠨ ᠬᠥᠨᠳᠡᠢ ᠶᠢᠨ ᠡᠮᠨᠡᠯᠭᠡ᠂ ᠶᠠᠰᠤᠨ ᠤ ᠡᠮᠨᠡᠯᠭᠡ᠂ ᠳᠣᠲᠣᠭᠠᠳᠤ ᠱᠦᠭᠦᠷᠡᠯ | ᠤᠨ ᠡᠮᠨᠡᠯᠭᠡ᠂ ᠭᠡᠳᠦ ᠲᠡᠭᠤᠠ ᠤ ᠡᠮᠨᠡᠯᠭᠡ᠂ ᠬᠢᠲᠠᠳ ᠡᠮᠨᠡᠯᠭᠡ ᠶᠢᠨ ᠰᠠᠯᠠᠭᠠᠨ ᠤ ᠲᠤᠰᠬᠠᠢ ᠮᠡᠷᠭᠡᠵᠢᠯᠲᠡᠳ ᠠᠴᠠ | ᠬᠤᠭᠤᠴᠠᠭ᠎ᠠ ᠪᠦᠯᠦᠭ ᠬᠤᠪᠢᠶᠠᠨ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠠᠵᠢᠯ | ᠲᠥᠷᠥᠯ ᠤᠨ ᠰᠢᠰᠲ᠋ᠧᠮ ᠢᠶᠠᠷ ᠡᠮᠴᠢᠯᠡᠭᠡᠨ ᠤ ᠬᠠᠪᠰᠤᠷᠤᠨ ᠲᠡᠳᠬᠦᠬᠦ ᠶᠢ ᠥᠷᠨᠢᠭᠦᠯᠵᠦ᠂ ᠡᠪᠡᠳᠴᠢᠳᠠᠨ ᠤ ᠭᠡᠷ ᠢ | ᠪᠠᠶᠢᠴᠠᠭᠠᠬᠤ ᠵᠢᠭᠠᠨ ᠰᠤᠷᠭᠠᠯᠲᠠ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠶᠠᠷᠢᠯᠴᠠᠬᠤ᠂ ᠮᠡᠰᠡ ᠵᠠᠰᠠᠯ ᠢᠶᠠᠷ | ᠵᠢᠭᠠᠨ ᠰᠤᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠵᠢᠭᠠᠵᠣ ᠰᠣᠷᠭᠠᠨ᠂ ᠡᠶᠢᠮᠣᠷᠬᠦᠣ ᠬᠠᠪᠰᠤᠷᠤᠨ ᠲᠡᠳᠬᠦᠬᠦ ᠬᠡᠪ | ᠵᠠᠭᠪᠤᠷ ᠨᠢ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠲᠤᠬᠠᠢ ᠶᠢᠨ ᠭᠠᠵᠠᠷ ᠤᠨ ᠡᠮᠨᠡᠯᠭᠡ ᠶᠢᠨ ᠬᠤᠷᠢᠶ᠎ᠠ ᠳᠤ | ᠡᠮᠴᠢᠯᠡᠭᠡᠨ ᠤ ᠡᠩᠨᠡᠭᠡ ᠶᠢ ᠬᠥᠮᠥᠵᠢᠭᠦᠯᠦᠭᠰᠡᠨ ᠪᠠᠶᠢᠨ᠎ᠠ᠃ | ᠴᠢᠨᠡᠭᠡᠯᠢᠭ ᠠᠮᠢᠳᠤᠷᠠᠯ ᠤᠨ ᠨᠢᠭᠡ ᠲᠠᠯ᠎ᠠ ᠨᠢ ᠦᠨᠳᠦᠰᠦᠲᠡᠨ ᠤ ᠶᠡᠭᠡ ᠬᠦᠰᠡᠯ ᠲᠠᠢ ᠬᠤᠯᠪᠣᠭᠳᠠᠵᠤ᠂ ᠨᠦᠭᠦᠭᠡ | ᠲᠠᠯ᠎ᠠ ᠨᠢ ᠠᠷᠠᠳ ᠤᠯᠠᠨ ᠤ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ 2013 ᠣᠨ ᠳᠤ ᠡᠵᠡᠨ᠎ᠡ ᠬᠤᠰᠢᠭᠤᠨ ᠤ | ᠳᠣᠣᠷᠡᠢ ᠨᠢᠰᠭᠡᠯ ᠤᠨ ᠪᠠᠭᠤᠳᠠᠯ ᠠᠶᠠᠯᠠᠯ ᠨᠡᠪᠲᠡᠷᠡᠵᠦ᠂ 2015 ᠣᠨ ᠳᠤ ᠯᠢᠨ ᠾᠧ — ᠬᠠᠮᠢ ᠲᠡᠮᠦᠷ ᠵᠠᠮ | ᠲᠡᠷᠭᠡ ᠨᠡᠪᠳᠡᠷᠡᠨ᠂ 2017 ᠣᠨ ᠳᠤ ᠪᠡᠭᠡᠵᠢᠩ ᠠᠴᠠ ᠰᠢᠨᠵᠢᠶᠠᠩ ᠬᠦᠷᠭᠦ ᠲᠦᠷᠭᠡᠨ ᠤ ᠵᠠᠰᠠᠮᠠᠯ ᠵᠠᠮ ᠲᠡᠷᠭᠡ | ᠨᠡᠪᠲᠡᠷᠡᠪᠡ᠃ ᠡᠳᠦᠭᠡ ᠬᠤᠲᠠ ᠬᠥᠳᠡᠭᠡ ᠶᠢᠨ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭ᠎ᠠ ᠡᠵᠡᠨ᠎ᠡ ᠬᠤᠰᠢᠭᠤᠨ ᠤ | ᠠᠵᠤ ᠠᠬᠤᠢ ᠶᠢᠨ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠵᠤ᠂ ᠠᠷᠠᠳ ᠲᠦᠮᠡᠨ ᠳᠤ ᠵᠣᠯ ᠵᠢᠷᠭᠠᠯᠲᠤ ︽ | ᠴᠢᠨᠡᠭᠡᠯᠢᠭᠵᠢᠯ ᠤᠨ ᠵᠠᠮ︾ ᠢ ᠳᠡᠪᠢᠰᠴᠦ ᠥᠭᠭᠦᠭᠰᠡᠨ ᠪᠠᠶᠢᠨ᠎ᠠ᠃ | ᠡᠵᠡᠨ᠎ᠡ ᠬᠤᠰᠢᠭᠤ ᠢᠮᠠᠭᠲᠠ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠵᠠᠰᠠᠯᠲᠠ ᠶᠢᠨ ᠳᠤᠮᠳᠠ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠰᠠᠶᠢᠨ | ᠰᠠᠶᠢᠬᠠᠨ ᠭᠡᠷ ᠣᠷᠣᠨ ᠢ ᠴᠣᠭᠴᠠᠯᠠᠨ ᠪᠠᠶᠢᠭᠤᠯᠣᠭᠰᠠᠭᠠᠷ ᠪᠠᠶᠢᠨ᠎ᠠ᠃ |