ᠰᠢᠨ᠎ᠡ ᠠᠶᠠᠨ ᠬᠥᠮᠦᠰ ᠢ ᠵᠣᠷᠢᠭᠵᠢᠭᠤᠯᠤᠨ ᠰᠢᠨ᠎ᠡ ᠡᠬᠢᠯᠡᠯᠲᠡ ᠶᠢᠨ ᠴᠡᠭ ᠠᠴᠠ ᠬᠦᠴᠦᠨ ᠬᠤᠷᠠᠮᠳᠤᠯ᠎ᠠ
ᠨᠡᠶᠢᠲᠡᠯᠡᠭᠰᠡᠨ ᠴᠠᠭ᠄
2025/1/6
    2024 ᠣᠨ ᠤ 12 ᠰᠠᠷ᠎ᠠ ᠶᠢᠨ 31 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠰᠢᠨ᠎ᠡ ᠵᠢᠯ ᠤᠨ ᠪᠠᠶᠠᠷ ᠤᠨ ᠦᠭᠡ ᠨᠠᠶᠢᠳᠠᠯᠠᠵᠤ᠂ ᠴᠢᠩ ᠰᠡᠳᠭᠢᠯ ᠤᠨ ᠬᠠᠶᠢᠷ᠎ᠠ ᠬᠠᠯᠠᠮᠵᠢ᠂ ᠳᠣᠲᠣᠨᠣ ᠰᠡᠳᠭᠢᠯ ᠤᠨ ᠬᠦᠰᠡᠯ ᠵᠥᠩᠨᠡᠯ ᠨᠢ ᠠᠯᠠᠱᠠ ᠠᠶᠢᠮᠠᠭ ᠤᠨ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠰᠢᠨ᠎ᠡ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠯᠠᠪᠳᠠᠭᠤᠨ ᠪᠠᠲᠤᠲᠠᠢ ᠪᠠᠷ ᠠᠵᠢᠯᠯᠠᠠ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠠᠶᠢᠨ ᠰᠠᠶᠢᠬᠠᠨ ᠢᠷᠡᠭᠡᠳᠦᠢ ᠵᠦᠭ ᠡᠷᠡᠮᠡᠬᠡᠶᠢᠯᠡᠨ ᠤᠷᠤᠭᠰᠢᠯᠠᠨ᠎ᠠ ᠭᠡᠵᠦ ᠢᠯᠡᠳᠭᠡᠵᠡᠭᠡᠪᠡ᠃    ᠡᠵᠡᠨ᠎ᠡ ᠬᠤᠰᠢᠭᠤᠨ ᠤ ᠲᠤᠶᠢᠭ ᠰᠢᠯᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠪᠠᠶᠢᠭ᠎ᠠ ᠭᠠᠵᠠᠷ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ︽ᠬᠥᠮᠦᠨ ᠲᠥᠷᠥᠯᠬᠢᠲᠡᠨ ᠣᠷᠣᠰᠢᠨ ᠲᠣᠭᠲᠠᠨᠢᠬᠤ ᠳᠤ ᠲᠣᠬᠢᠷᠠᠮᠵᠢ ᠦᠭᠡᠢ ᠭᠠᠵᠠᠷ︾ ᠭᠡᠵᠤ ᠦᠨᠠᠯᠠᠵᠤ ᠥᠩᠭᠡᠷᠡᠭᠰᠡᠨ ᠶᠤᠮ᠃ ᠭᠡᠲᠡᠯ᠎ᠡ ᠡ᠊ᠨᠳᠡ᠂ ᠦᠶ᠎ᠡ ᠦᠶ᠎ᠡ ᠶᠢᠨ ᠠᠷᠠᠳ ᠤᠨ ᠴᠠᠭᠳᠠᠭ᠎ᠠ ᠵᠠᠯᠭᠠᠮᠵᠢᠯᠠᠨ ᠰᠠᠬᠢᠵᠤ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠪᠠᠨ ᠦᠵᠡᠭᠦᠯᠤᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃ 12 ᠰᠠᠷ᠎ᠠ ᠶᠢᠨ 31 ᠤ ᠤᠷᠤᠢ᠂ ᠲᠣᠮᠢᠯᠠᠭᠰᠠᠨ ᠰᠠᠯᠪᠤᠷᠢ ᠠᠵᠢᠯᠳᠠᠨ ᠢᠶᠠᠨ ᠵᠣᠬᠢᠶᠠᠨ ᠪᠠᠶᠢᠭᠤᠯᠵᠤ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠴᠤ᠂ ᠲᠡᠳᠡ ᠰᠡᠳᠭᠢᠯ ᠰᠠᠨᠠᠭ᠎ᠠ ᠪᠠᠨ ᠲᠥᠪᠯᠡᠷᠡᠭᠦᠯᠦᠨ᠂ ᠨᠠᠷᠢᠨ ᠬᠢᠨᠠᠮᠠᠭᠠᠢ ᠲᠡᠮᠳᠡᠭᠯᠡᠯ ᠬᠢᠵᠠᠢ᠃ ᠤᠯᠠᠨ ᠢᠶᠠᠷ ᠢᠶᠠᠨ᠂ ᠲᠡᠷᠢᠭᠦᠯᠡᠭᠴᠢ ᠰᠢ ᠶᠢᠨ ᠫᠢᠩ ᠤᠨ ᠬᠠᠶᠢᠷ᠎ᠠ ᠬᠠᠯᠠᠮᠵᠢ ᠬᠦᠰᠡᠯ ᠨᠠᠶᠢᠳᠠᠯᠭ᠎ᠠ ᠶᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠵᠡᠭᠡᠪᠡ᠃    ᠠᠯᠠᠱᠠ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠲᠤᠷᠰᠢᠯᠲᠠ ᠶᠢᠨ ᠲᠠᠰᠤᠭ ᠤᠨ ᠳᠡᠭᠡᠳᠦ ᠵᠡᠷᠭᠡ ᠶᠢᠨ ᠢᠨᠵᠧᠨᠧᠷ ᠸᠠᠩ ᠸᠧᠨ  ᠱᠤ᠋᠂ ᠰᠢᠨ᠎ᠡ ᠵᠢᠯ ᠤᠨ ᠪᠠᠶᠠᠷ ᠤᠨ ᠦᠭᠡ ᠳᠠᠬᠢ ︽ᠨᠡᠩ ᠢᠳᠡᠪᠬᠢᠲᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠨ᠂ ᠥᠨᠳᠥᠷ ᠲᠦᠪᠰᠢᠨ ᠪᠦᠬᠦᠢ ᠰᠢᠨᠵᠢᠯᠡᠭᠡ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠬᠤ ᠬᠡᠷᠡᠭᠲᠡᠢ︾ ᠭᠡᠵᠦ ᠳᠤᠷᠠᠳᠤᠭᠰᠠᠨ ᠢ ᠰᠣᠨᠣᠰᠤᠭᠠᠳ᠂ ᠲᠡᠷᠢᠭᠦᠯᠡᠭᠴᠢ ᠰᠢ ᠶᠢᠨ ᠫᠢᠩ ᠰᠢᠨᠵᠢᠯᠡᠭᠡ ᠮᠡᠷᠭᠡᠵᠢᠯ ᠤᠨ ᠠᠵᠢᠯ ᠢ ᠴᠢᠬᠤᠯᠠᠴᠢᠯᠠᠨ ᠦᠵᠡᠵᠦ ᠪᠠᠶᠢᠬᠤ ᠪᠠ ᠬᠦᠰᠡᠯ ᠡᠷᠡᠮᠡᠯᠵᠡᠯ ᠲᠠᠯᠪᠢᠵᠤ ᠪᠠᠶᠢᠬᠤ ᠨᠢ ᠨᠠᠳᠠ ᠳᠤ ᠤᠢ ᠰᠢᠭᠤᠢ ᠡᠪᠡᠰᠦ ᠪᠡᠯᠴᠢᠭᠡᠷ ᠤᠨ ᠰᠢᠨᠵᠢᠯᠡᠭᠡ ᠮᠡᠷᠭᠡᠵᠢᠯ ᠤᠨ ᠠᠵᠢᠯ ᠤᠨ ᠢᠷᠡᠭᠡᠳᠦᠢ ᠳᠤ ᠤᠯᠠᠮ ᠢᠲᠡᠭᠡᠯ ᠳᠦᠭᠦᠷᠡᠩ ᠪᠣᠯᠭᠠᠵᠠᠢ᠃ ᠬᠤᠶᠢᠰᠢᠳᠠ ᠪᠢᠳᠡ ᠦᠷᠭᠦᠯᠵᠢᠯᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠢᠨᠵᠢᠯᠡᠬᠦ ᠤᠬᠠᠭᠠᠨ ᠤ ᠰᠤᠳᠤᠯᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠯᠠᠱᠠ ᠶᠢᠨ ᠤᠢ ᠰᠢᠭᠤᠢ ᠨᠤᠲᠤᠭ ᠪᠡᠯᠴᠢᠭᠡᠷ ᠤᠨ ᠠᠵᠢᠯ ᠤᠨ ᠰᠢᠨ᠎ᠠ ᠶᠢ ᠡᠬᠦᠳᠬᠦ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠮᠡᠷᠭᠡᠵᠢᠯ ᠢ ᠳᠡᠭᠡᠭᠰᠢᠯᠡᠭᠦᠯᠬᠦ ᠵᠡᠷᠭᠡ ᠠᠵᠢᠯ ᠢ ᠭᠦᠨᠵᠡᠭᠡᠢ ᠨᠠᠷᠢᠯᠢᠭ ᠬᠢᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ ᠲᠠᠷᠢᠶᠠᠨ ᠭᠠᠵᠠᠷ ᠲᠡᠶᠢᠰᠢ ᠰᠢᠯᠵᠢᠭᠦᠯᠤᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠲᠠᠰᠤᠷᠠᠯᠳᠠ ᠦᠭᠡᠢ ᠴᠢᠩᠭᠠᠳᠬᠠᠠ᠂ ᠠᠯᠠᠱᠠ ᠶᠢᠨ ᠤᠢ ᠰᠢᠭᠤᠢ ᠡᠪᠡᠰᠦᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠷᠨᠢᠭᠦᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠵᠤᠷᠢᠭ ᠢᠶᠠᠨ ᠢᠯᠡᠳᠬᠡᠪᠡ᠃    ︽ᠲᠤᠭ᠎ᠠ ᠲᠣᠮᠰᠢ ᠦᠭᠡᠢ ᠬᠥᠳᠡᠯᠮᠦᠷᠢᠴᠢᠳ᠂ ᠪᠦᠲᠦᠭᠡᠡ ᠪᠠᠶᠢᠭᠤᠯᠤᠭᠴᠢᠳ᠂ ᠦᠢᠯᠡᠰ ᠪᠤᠰᠬᠠᠭᠴᠢᠳ ᠪᠦᠷ ᠬᠦᠰᠡᠯ ᠤᠨ ᠢᠶᠠᠨ ᠲᠥᠯᠥᠭᠡ ᠲᠡᠮᠡᠴᠡᠵᠦ ᠪᠠᠶᠢᠨ᠎ᠠ᠂ ᠪᠢ ᠤᠯᠤᠰ ᠤᠨ ᠭᠠᠪᠢᠶᠠᠨ ᠲᠡᠮᠲᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠬᠦᠷᠳᠡᠭᠰᠡᠳ ᠲᠤ ᠱᠠᠩᠨᠠᠯ ᠭᠠᠷᠳᠠᠭᠤᠯᠪᠠ᠂ ᠢᠷᠠᠭᠤ ᠠᠯᠳᠠᠷ ᠨᠢ ᠲᠡᠲᠡᠡ ᠤ ᠬᠢ ᠶᠤᠮ︾ ᠭᠡᠵᠦ ᠲᠡᠷᠢᠭᠦᠯᠡᠭᠴᠢ ᠰᠢ ᠶᠢᠨ ᠫᠢᠩ ᠤᠨ ᠳᠣᠲᠣᠨᠣ ᠦᠭᠡ ᠶᠠᠷᠢᠶ᠎ᠠ ᠨᠢ ᠰᠢᠨ᠎ᠡ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢ ᠨᠢᠭᠡᠪᠦᠷᠢ ᠳᠤ ᠮᠠᠰᠢ ᠶᠡᠭᠡ ᠵᠤᠷᠢᠬᠵᠢᠭᠤᠯᠤᠯ ᠪᠤᠯᠵᠠᠢ᠃    ᠥᠪᠥᠷ ᠮᠣᠩᠭᠤᠯ ᠤᠨ ᠽᠢ ᠭᠤᠸᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠠᠵᠢᠯᠳᠠᠨ ᠰᠢᠤᠢ ᠯᠢ ᠶᠤᠸᠠᠨ᠄ ︽ᠰᠢᠨ᠎ᠡ ᠵᠢᠯ ᠤᠨ ᠪᠠᠶᠠᠷ ᠤᠨ ᠦᠭᠡᠨ ᠳᠠᠬᠢ ︿ᠲᠡᠮᠡᠴᠡᠬᠦ﹀ ᠭᠡᠬᠦ‍ ᠨᠢᠭᠡ ᠦᠭᠡ ᠨᠢ ᠮᠢᠨᠦ ᠲᠠᠰᠤᠷᠠᠯᠳᠠ ᠦᠭᠡᠢ ᠤᠷᠤᠭᠰᠢᠯᠠᠬᠤ ᠶᠢ ᠵᠣᠷᠢᠭᠵᠢᠭᠤᠯᠵᠤ ᠪᠠᠶᠢᠨ᠎ᠠ᠃ ᠠᠵᠤ ᠠᠬᠤᠶᠢᠯᠠᠯ ᠤᠨ ᠠᠵᠢᠯᠴᠢᠨ ᠤ ᠬᠤᠪᠢ ᠳᠤ᠂ ᠰᠢᠨ᠎ᠡ ᠨᠢᠭᠡᠨ ᠵᠢᠯ ᠳᠤ᠂ ᠪᠢ ᠦᠷᠭᠦᠯᠵᠢᠯᠡᠨ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ᠣᠭ ᠴᠢᠨᠠᠷ ᠢᠶᠠᠨ ᠪᠠᠳᠠᠷᠠᠭᠤᠯᠤᠨ᠂ ᠵᠠᠯᠠᠭᠤᠴᠤᠳ ᠤᠨ ᠴᠤᠭ ᠵᠤᠯᠪᠤᠭ᠎ᠠ ᠪᠠᠨ ᠳᠣᠪᠤᠶᠢᠯᠭᠠᠵᠤ᠂ ᠲᠤᠬᠠᠶᠢᠯᠠᠭᠰᠠᠨ ᠠᠵᠢᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠤᠷᠤᠨ ᠨᠤᠳᠤᠭ ᠤᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ︾ ᠭᠡᠵᠤ ᠪᠠᠶᠢᠪᠠ᠃    ᠲᠡᠷᠢᠭᠦᠯᠡᠭᠴᠢ ᠰᠢ ᠶᠢᠨ ᠫᠢᠩ ︽ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠪᠣᠯ ᠲᠡᠷᠢᠭᠦᠨ ᠴᠢᠬᠤᠯᠠ ᠶᠠᠪᠤᠳᠠᠯ ᠮᠥᠨ︾ ᠭᠡᠵᠦ ᠴᠢᠬᠤᠯᠠᠴᠢᠯᠠᠪᠠ᠂ ᠡᠨᠡ ᠨᠢ ᠤᠯᠤᠰ ᠠᠴᠠ ᠠᠷᠠᠳ ᠤᠨ ᠠᠮᠢᠳᠤᠷᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠬᠤ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠨ ᠱᠠᠲᠤᠨ ᠤ ᠠᠵᠢᠯᠲᠠᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠬᠤ ᠡᠷᠴᠢ ᠵᠣᠷᠢᠭ ᠢ ᠬᠦᠪᠴᠢᠯᠡᠵᠡᠢ᠃ ︽ᠰᠢᠨ᠎ᠡ ᠵᠢᠯ ᠤᠨ ᠪᠠᠶᠠᠷ ᠤᠨ ᠦᠭᠡ ᠳᠤ ᠳᠤᠷᠠᠳᠤᠭᠰᠠᠨ ᠬᠦᠰᠡᠯ ᠡᠷᠡᠮᠡᠯᠵᠡᠯ ᠨᠢᠭᠡᠪᠦᠷᠢ ᠪᠣᠯ ᠴᠥᠮ ᠪᠢᠳᠡᠨ ᠤ ᠠᠵᠢᠯ ᠤᠨ ᠳᠤᠮᠳᠠ ᠲᠠᠰᠤᠷᠠᠯᠲᠠ ᠥᠬᠡᠶ ᠬᠥᠭᠡᠭᠡᠴᠡᠯᠳᠦᠬᠦ ᠬᠠᠷᠠᠯᠲᠠ ᠮᠥᠨ᠂ ᠪᠢᠳᠡ ᠦᠷᠭᠦᠯᠵᠢᠯᠡᠨ ︿ᠠᠷᠠᠳ ᠲᠦᠮᠡᠨ ᠢᠶᠠᠷ ᠭᠤᠤᠯ ᠪᠣᠯᠭᠠᠬᠤ﹀ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠨᠡᠶᠢᠭᠡᠮ ᠲᠣᠭᠤᠷᠢᠭ ᠤᠨ ᠬᠠᠷᠢᠯᠴᠠᠨ ᠬᠠᠮᠵᠢᠯᠴᠠᠬᠤ ᠶᠢ ᠴᠢᠩᠭᠠᠳᠬᠠᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠤᠨ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠳᠡᠷᠭᠡᠳᠡᠬᠢ ᠶᠡᠭᠡ ᠪᠠᠭ᠎ᠠ ᠶᠠᠪᠤᠳᠠᠯ ᠢ ᠰᠡᠳᠭᠢᠯ ᠳᠡᠯᠪᠢᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠲᠠᠢ ᠬᠠᠮᠳᠤᠪᠠᠷ ᠨᠠᠩ ᠰᠠᠶᠢᠨ ᠰᠠᠶᠢᠬᠠᠨ ᠠᠮᠢᠳᠤᠷᠠᠯ ᠳᠠᠶᠢᠰᠢ ᠤᠷᠤᠭᠰᠢᠯᠠᠨ᠎ᠠ︾ ᠭᠡᠵᠦ ᠠᠯᠠᠱᠠ ᠵᠡᠭᠦᠨ ᠬᠤᠰᠢᠭᠤᠨ ᠤ ᠸᠠᠩ ᠤᠨ ᠣᠷᠳᠣᠨ ᠵᠡᠭᠡᠯᠢ ᠭᠤᠳᠤᠮᠵᠢ ᠶᠢᠨ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠯᠢ ᠶᠤᠸᠠᠨ ᠬᠡᠯᠡᠪᠡ᠃    ᠠᠯᠠᠱᠠ ᠠᠶᠢᠮᠠᠭ ᠤᠨ ᠪᠠᠶᠢᠴᠠᠭᠠᠬᠤ ᠬᠤᠷᠢᠶᠠᠨ ᠤ ᠡᠪᠯᠡᠯ ᠤᠨ ᠡᠭᠦᠷ ᠤᠨ ᠱᠦᠵᠢ ᠴᠢ ᠶᠠᠨ᠄ ︽ᠲᠡᠷᠢᠭᠦᠯᠡᠭᠴᠢ ᠰᠢ ᠶᠢᠨ ᠫᠢᠩ ᠰᠢᠨ᠎ᠡ ᠵᠢᠯ ᠤᠨ ᠪᠠᠶᠠᠷ ᠤᠨ ᠦᠭᠡ ᠳᠡᠭᠡᠨ᠂ ︿ᠢᠷᠠᠭᠤ ᠠᠯᠳᠠᠷ ᠪᠣᠯ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠲᠡᠮᠡᠴᠡᠭᠴᠢ ᠨᠢᠭᠡᠪᠦᠷᠢ ᠶᠢᠨ ᠬᠢ ᠶᠤᠮ﹀ ᠭᠡᠵᠦ ᠳᠤᠷᠠᠳᠤᠭᠰᠠᠨ ᠨᠢ ᠨᠠᠳᠠ ᠳᠤ ᠭᠦᠨ ᠰᠠᠭᠤᠭᠳᠠᠯ ᠥᠭᠴᠦ᠂ ᠮᠠᠰᠢ ᠶᠡᠭᠡ ᠵᠣᠷᠢᠭᠵᠢᠭᠤᠯᠤᠯ ᠪᠣᠯᠵᠠᠢ᠃ ᠰᠢᠨ᠎ᠡ ᠨᠢᠭᠡᠠ ᠵᠢᠯ ᠬᠦ᠋ᠷᠴᠤ ᠢᠷᠠᠯ᠎ᠠ᠂ ᠪᠢ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠡᠪᠯᠡᠯ ᠤᠨ ᠺᠠᠳ᠋ᠷ ᠤᠨ ᠬᠤᠯᠪᠣᠭᠠᠰᠤ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ︾ ᠭᠡᠪᠡ᠃    ᠠᠯᠠᠱᠠ ᠵᠡᠭᠦᠨ ᠬᠤᠰᠢᠭᠤᠨ ᠤ ᠵᠠᠬ᠎ᠠ ᠶᠢᠨ ᠤᠰᠤ ᠭᠠᠴᠠᠭ᠎ᠠ ᠶᠢᠨ ᠶᠠ ᠨᠠᠨ ᠭᠦᠵᠡᠯᠵᠡᠭᠡᠨ᠎ᠡ ᠶᠢᠨ ᠬᠦᠯᠡᠮᠵᠢ ᠳᠤ᠂ ᠲᠠᠷᠢᠮᠠᠯ ᠤᠨ ᠡᠷᠦᠬᠡ ᠶᠠ ᠨᠠᠨ᠄ ︽ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠪᠦᠷᠢ ᠨᠢ ᠴᠢᠩ ᠦᠨᠡᠨᠴᠢ᠂ ︿ᠲᠤᠭ᠎ᠠ ᠲᠣᠮᠰᠢ ᠦᠭᠡᠢ ᠬᠥᠳᠡᠯᠮᠦᠷᠢᠴᠢᠨ᠂ ᠪᠦᠳᠦᠭᠡᠨ ᠪᠠᠶᠢᠭᠤᠯᠤᠭᠴᠢ᠂ ᠦᠢᠯᠡᠰ ᠪᠤᠰᠬᠠᠬᠴᠢ ᠪᠦᠷ ᠬᠦᠰᠡᠯ ᠤᠨ ᠢᠶᠠᠨ ᠲᠥᠯᠥᠭᠡ ᠲᠡᠮᠡᠴᠡᠵᠦ ᠪᠠᠶᠢᠨ᠎ᠠ﹀ ᠭᠡᠬᠦ ᠦᠭᠡ ᠬᠠᠮᠤᠭ ᠤᠨ ᠭᠦᠨ ᠰᠠᠭᠤᠭᠳᠠᠯ ᠲᠠᠢ᠂ ᠲᠡᠭᠦᠨ ᠤ ᠳᠣᠲᠣᠷᠠᠬᠢ ᠨᠢᠭᠡ ᠭᠡᠰᠢᠭᠦᠨ ᠪᠣᠯᠤᠭᠰᠠᠨ ᠳᠠᠭᠠᠨ ᠪᠢ ᠣᠮᠣᠭᠰᠢᠵᠤ ᠪᠠᠶᠢᠨ᠎ᠠ᠂ ᠬᠦᠯᠡᠮᠵᠢ ᠶᠢᠨ ᠭᠦᠵᠡᠯᠵᠡᠭᠡᠨ᠎ᠡ ᠶᠢ ᠲᠠᠷᠢᠬᠤ ᠪᠠᠷ ᠳᠠᠮᠵᠢᠨ᠂ ᠪᠢᠳᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠂ ᠰᠢᠨ᠎ᠡ ᠨᠢᠭᠡᠨ ᠵᠢᠯ ᠳᠤ᠂ ᠪᠢ ᠦᠷᠭᠦᠯᠵᠢᠯᠡᠨ ᠲᠠᠷᠢᠬᠤ ᠬᠡᠪᠴᠢᠶ᠎ᠡ ᠪᠠᠨ ᠥᠷᠭᠡᠳᠭᠡᠵᠦ ᠠᠮᠢᠳᠤᠷᠠᠯ ᠢᠶᠠᠨ ᠡᠳᠦᠷ ᠠᠴᠠ ᠡᠳᠦᠷ ᠦᠭᠡᠳᠡᠷᠡᠭ ᠪᠤᠯᠭᠠᠨ᠎ᠠ︾ ᠭᠡᠵᠦ ᠪᠠᠶᠠᠷᠲᠠᠶ ᠬᠡᠯᠡᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号