ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠶᠢᠰᠦᠨ ᠲᠠᠯ᠎ᠠ ᠶᠢᠨ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠶᠢᠨ | ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠭᠦᠢᠴᠡᠳ ᠢᠯᠡᠷᠡᠭᠦᠯᠵᠦ᠂ ᠪᠢᠳᠡᠨ ᠤ ᠢᠷᠡᠬᠦ ᠵᠢᠯ ᠤᠨ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠳᠤ ᠭᠤᠣᠯ ᠰᠢᠪᠲᠤᠯᠬᠤ ᠴᠢᠭᠯᠡᠯ ᠢ ᠲᠣᠳᠣᠷᠬᠠᠶᠢᠯᠠᠵᠤ᠂ ᠦᠢᠯᠡᠳᠦᠯᠭᠡ ᠶᠢᠨ | ᠠᠷᠭ᠎ᠠ ᠵᠠᠮ ᠢ ᠵᠢᠭᠠᠵᠤ ᠥᠭᠴᠡᠢ᠃ | ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠡᠷᠦᠩᠬᠡᠢ ᠱᠠᠭᠠᠷᠳᠠᠯᠭ᠎ᠠ ᠠᠴᠠ ᠦᠵᠡᠪᠡᠯ᠂ ᠠᠵᠤ | ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠴᠤ ᠭᠡᠰᠡᠨ᠂ | ᠡᠰᠡᠭᠦᠯ᠎ᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠣᠯᠤᠨ ᠭᠠᠳᠠᠭᠠᠳᠤ ᠠᠴᠠ ᠢᠷᠡᠭᠰᠡᠨ | ᠴᠤᠬᠢᠯᠳᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ | ᠬᠥᠭᠵᠢᠭᠡᠬᠦ ᠬᠡᠰᠡᠨ ᠴᠦ ᠲᠡᠷᠡ ᠴᠥᠮ ᠪᠢᠳᠠᠨ ᠤ ᠨᠡᠩ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ | ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠱᠠᠭᠠᠷᠳᠠᠵᠤ ᠪᠠᠶᠢᠨ᠎ᠠ᠃ ᠡᠨᠡ ᠤᠳᠠᠭ᠎ᠠ ᠶᠢᠨ | ᠬᠤᠷᠠᠯ ᠠᠴᠠ ᠪᠠᠶᠢᠷᠢᠯᠠᠭᠤᠯᠤᠭᠰᠠᠨ ᠭᠤᠤᠯᠳᠠᠯᠭ᠎ᠠ ᠲᠠᠢ ᠡᠭᠦᠷᠭᠡ ᠨᠢ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠷᠡᠭᠯᠡᠭᠡ ᠶᠢ ᠶᠡᠭᠡ ᠪᠠᠷ ᠬᠥᠭᠵᠢᠭᠡᠬᠦ᠂ | ᠪᠠᠯᠠ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠥᠬᠦ | ᠲᠠᠯ᠎ᠠ ᠪᠠᠷ ᠥᠷᠭᠡᠳᠭᠡᠬᠦ︾ ᠶᠢ ᠲᠡᠷᠢᠭᠦᠨ ᠳᠤ ᠲᠠᠯᠪᠢᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ᠂ ᠪᠡᠯᠭᠡ ᠲᠡᠮᠳᠡᠭ ᠤᠨ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠬᠦ | ᠵᠡᠷᠭᠡ ᠶᠢᠨ ᠲᠣᠭᠤᠷᠢᠨ ᠳᠤ ᠰᠢᠰᠲ᠋ᠧᠮ ᠲᠠᠢ ᠪᠠᠶᠢᠷᠢᠯᠠᠭᠤᠯᠵᠦ᠂ ᠮᠠᠨ ᠤ ᠤᠯᠤᠰ ᠤᠨ ᠬᠥᠭᠵᠢᠯᠲᠡ ᠶᠢᠨ ᠳᠤᠮᠳᠠᠬᠢ | ᠲᠣᠪᠤᠶᠢᠮ᠎ᠠ ᠠᠷᠬᠠᠭ ᠭᠡᠮ ᠪᠠ ᠠᠰᠠᠭᠤᠳᠠᠯ ᠳᠤ ᠴᠢᠭᠯᠡᠭᠦᠯᠦᠨ᠂ ᠭᠦᠨ ᠳᠠᠪᠬᠤᠷᠭ᠎ᠠ ᠶᠢᠨ ᠬᠠᠷᠰᠢ ᠰᠠᠭᠠᠳ ᠢ | ᠠᠷᠢᠯᠭᠠᠵᠤ᠂ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠭᠰᠡᠨ ᠭᠠᠳᠠᠭᠠᠳᠤ ᠣᠷᠴᠢᠨ ᠢ | ᠠᠷᠭᠠᠴᠠᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠬᠠᠷᠢᠯᠴᠠᠨ ᠨᠢᠭᠡᠳᠭᠡᠬᠦ ᠶᠢ ᠪᠠᠷᠢᠮᠲᠠᠯᠠᠬᠤ ᠶᠢ ᠢᠯᠡᠷᠡᠭᠦᠯᠦᠭᠰᠡᠨ ᠪᠠᠶᠢᠨ᠎ᠠ᠃ ᠪᠢᠳᠡ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ | ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠪᠠ ᠪᠣᠳᠠᠲᠠᠶ ᠱᠠᠭᠠᠷᠳᠠᠯᠭ᠎ᠠ ᠶᠢ ᠳᠤᠷᠠᠳᠴᠤ᠂ | ᠢᠯᠡ ᠲᠣᠳᠣ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠢᠯᠡᠷᠡᠭᠦᠯᠪᠡ᠃ ᠪᠢᠳᠡ ᠵᠣᠭᠰᠣᠴᠠ ᠪᠠᠨ | ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠬᠤ ᠶᠢᠨ ᠨᠢᠭᠡᠨ ᠴᠢᠬᠤᠯᠠ ᠲᠠᠯ᠎ᠠ ᠪᠣᠯ ᠳᠠᠷᠤᠢ ᠲᠤᠪᠤᠶᠢᠮ᠎ᠠ | ᠠᠷᠬᠠᠭ ᠭᠡᠮ ᠢ ᠰᠢᠢᠳᠪᠦᠷᠢᠯᠡᠬᠦ ᠶᠠᠪᠤᠳᠠᠯ ᠪᠣᠯᠤᠨ᠎ᠠ᠂ ᠡᠳᠡᠭᠡᠷ ᠠᠰᠠᠭᠤᠳᠠᠯ ᠨᠢ ᠶᠡᠷᠦ ᠨᠢ ᠭᠤᠣᠯᠳᠠᠯᠭ᠎ᠠ ᠲᠠᠢ | ᠡᠭᠦᠷᠭᠡ ᠶᠢ ᠪᠡᠶᠡᠯᠡᠭᠦᠯᠬᠦ ᠶᠢ ᠨᠥᠯᠥᠭᠡᠯᠡᠳᠡᠭ᠃ | ᠵᠢᠱᠢᠶᠡᠯᠡᠪᠡᠯ ︽︿ᠳᠣᠲᠣᠭᠠᠳᠦ ᠶᠢᠨ ᠰᠢᠷᠦᠭᠦᠨ ᠥᠷᠢᠰᠥᠯᠳᠦᠭᠡᠨ﹀ ᠢ ᠶᠡᠷᠦᠩᠬᠡᠶᠢᠯᠡᠨ ᠴᠡᠭᠴᠡᠯᠡᠨ ᠵᠠᠰᠠᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ︾ | ᠃ ᠡᠨᠡ ᠪᠣᠯ ᠡᠨᠡ ᠵᠢᠯ ᠤᠨ 7 ᠰᠠᠷ᠎ᠠ ᠶᠢᠨ 30 ᠤ ᠡᠳᠦᠷ ᠬᠤᠷᠠᠯᠳᠤᠭᠤᠯᠤᠭᠰᠠᠨ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ︽ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︿ᠳᠣᠲᠣᠭᠠᠳᠦ ᠶᠢᠨ ᠰᠢᠷᠦᠭᠦᠨ ᠥᠷᠢᠰᠥᠯᠳᠦᠭᠡᠨ﹀ ᠢ ᠰᠡᠷᠭᠡᠶᠢᠯᠡᠬᠦ | ᠬᠡᠷᠡᠭᠲᠡᠶ︾ ᠭᠡᠵᠦ ᠵᠢᠭᠠᠵᠤ ᠭᠠᠷᠭᠠᠭᠰᠠᠨ ᠤ ᠲᠠᠷᠠᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠠᠴᠠ ᠳᠠᠬᠢᠨᠲᠠ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠶᠠᠪᠤᠳᠠᠯ ᠪᠣᠯᠤᠨ᠎ᠠ᠃ ︽ᠰᠡᠷᠭᠡᠶᠢᠯᠡᠬᠦ︾ ᠠᠴᠠ | ᠠᠪᠤᠭᠠᠳ ︽ᠶᠡᠷᠦᠩᠬᠡᠶᠢᠯᠡᠨ ᠴᠡᠭᠴᠡᠯᠡᠨ ᠵᠠᠰᠠᠬᠤ︾ ᠬᠦᠷᠲᠡᠯ᠎ᠡ᠂ ︽ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ︾ ᠶᠢ ᠴᠢᠬᠤᠯᠠᠴᠢᠯᠠᠬᠤ ᠠᠴᠠ ᠠᠪᠤᠭᠠᠳ ︽ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ | ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ︾ ᠬᠦᠷᠲᠡᠯ᠎ᠡ᠂ ︽ᠳᠣᠲᠣᠭᠠᠳᠦ ᠶᠢᠨ ᠰᠢᠷᠦᠭᠦᠨ ᠥᠷᠢᠰᠥᠯᠳᠦᠭᠡᠨ︾ | ᠢ ᠡᠰᠡᠷᠭᠦᠴᠡᠬᠦ ᠣᠪᠣᠷ ᠨᠠᠩ ᠢᠯᠡ ᠲᠣᠳᠣ ᠪᠣᠯᠵᠣ᠂ ᠲᠣᠭᠲᠠᠭᠠᠭᠰᠠᠨ ᠡᠲᠡᠭᠡᠳ ᠨᠢ ᠨᠠᠩ ᠲᠣᠳᠣᠷᠬᠠᠶ ᠪᠣᠯᠵᠠᠶ᠃ | ︽ᠳᠣᠲᠣᠭᠠᠳᠦ ᠶᠢᠨ ᠰᠢᠷᠦᠭᠦᠨ ᠥᠷᠢᠰᠥᠯᠳᠦᠭᠡᠨ︾ ᠨᠢ ᠶᠡᠷᠦ ᠳᠡᠭᠡᠨ ᠳᠣᠣᠷ᠎ᠠ ᠦᠨ᠎ᠡ ᠶᠢ ᠥᠷᠥᠭᠡᠰᠦᠭᠡᠯ ᠢᠶᠠᠷ | ᠬᠥᠭᠡᠭᠡᠴᠡᠯᠳᠦᠬᠦ ᠬᠡᠳᠤ ᠠᠳᠠᠯᠢᠪᠲᠤᠷ ᠪᠤᠯᠬᠤ ᠥᠷᠢᠰᠥᠯᠳᠦᠭᠡᠨ ᠢᠶᠠᠷ ᠢᠯᠡᠷᠡᠳᠡᠭ᠃ ᠰᠢᠨ᠎ᠡ ᠴᠠᠭ ᠦᠶ᠎ᠡ ᠠᠴᠠ | ᠨᠠᠭᠠᠰᠢ᠂ ᠮᠠᠨ ᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠬᠡᠨ ᠪᠤᠶᠢᠵᠢᠭᠤᠯᠤᠨ | ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᠤᠤᠢ᠂ ᠭᠡᠷᠡᠯᠴᠢ ᠴᠡᠨᠡᠭ ᠤᠨ ᠦᠢᠯᠡᠳᠬᠦᠨ | ᠵᠡᠷᠭᠡ ︽ᠰᠢᠨ᠎ᠡ ᠭᠤᠷᠪᠠᠨ ᠦᠢᠯᠡᠳᠬᠦᠨ︾ ᠤ ᠢᠯᠡᠷᠡᠯ ᠮᠠᠰᠢ ᠰᠠᠶᠢᠨ ᠪᠠᠶᠢᠨ᠎ᠠ᠃ ᠭᠡᠪᠡᠴᠦ ᠪᠠᠰᠠ ᠣᠨᠴᠠ ᠵᠠᠷᠢᠮ | ᠰᠢᠨ᠎ᠡ ᠪᠠᠷ ᠮᠠᠨᠳᠤᠭᠰᠠᠨ ᠠᠵᠢᠯ ᠲᠦᠷᠦᠯ ᠳᠤ ᠠᠬᠢᠨ ᠳᠠᠪᠲᠠᠨ ᠪᠠᠶᠢᠷᠢᠯᠠᠭᠤᠯᠬᠤ ᠪᠠ ︽ᠳᠣᠲᠣᠭᠠᠳᠦ ᠶᠢᠨ ᠰᠢᠷᠦᠭᠦᠨ | ᠥᠷᠢᠰᠥᠯᠳᠦᠭᠡᠨ︾ ᠣᠷᠣᠰᠢᠵᠤ᠂ ᠡᠬᠢ ᠪᠠᠶᠠᠯᠢᠭ ᠢ ᠠᠰᠢᠭᠯᠠᠬᠤ ᠪᠠ ᠲᠤᠬᠢᠷᠠᠭᠤᠯᠬᠤ ᠦᠷ᠎ᠡ ᠪᠦᠲᠦᠮᠵᠢ ᠶᠢ | ᠪᠠᠭᠤᠷᠠᠭᠤᠯᠬᠤ ᠪᠠᠷ ᠪᠠᠷᠠᠬᠤ ᠦᠭᠡᠢ ᠪᠠᠰᠠ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠬᠠᠷᠰᠢᠯᠠᠵᠤ ᠪᠠᠶᠢᠨ᠎ᠠ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠤᠷᠤᠯᠳᠤᠭᠠᠨ ᠤ ᠵᠠᠮ ᠮᠠᠰᠢ ᠤᠯᠠᠨ | ᠪᠠᠶᠢᠨ᠎ᠠ᠂ ᠵᠥᠪᠬᠡᠨ ︽ᠰᠢᠨ᠎ᠡ ᠭᠤᠷᠪᠠᠨ ᠦᠢᠯᠡᠳᠬᠦᠨ︾ ᠢ ᠬᠠᠷᠠᠭᠠᠳ ᠪᠠᠶᠢᠵᠤ ᠪᠣᠯᠬᠤ ᠦᠭᠡᠢ᠂ ᠶᠡᠭᠡ ᠪᠠᠷ | ᠳᠦᠷᠬᠢᠨ ᠳᠡᠪᠵᠢᠶᠡᠷᠡᠵᠦ᠂ ᠨᠢᠬᠡᠯᠡ ᠲᠤᠤᠷ᠎ᠠ ᠵᠤᠭᠰᠤᠵᠤ ᠪᠣᠯᠬᠤ ᠦᠭᠡᠢ᠂ ᠵᠠᠪᠠᠯ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠲᠤᠰ ᠪᠡᠶ᠎ᠡ ᠶᠢᠨ ᠢᠶᠠᠨ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ | ᠡᠵᠡᠮᠳᠡᠵᠦ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠡᠪᠦᠷᠯᠡᠨ᠂ ᠬᠥᠭᠵᠢᠯᠲᠡ ᠶᠢ ᠢᠳᠡᠪᠬᠢᠲᠡᠢ ᠲᠥᠯᠥᠪᠵᠢᠭᠦᠯᠬᠦ ᠪᠠᠷ | ᠪᠠᠷᠠᠬᠤ ᠦᠭᠡᠢ ᠪᠠᠰᠠ ᠪᠣᠳᠠᠲᠠᠢ ᠳᠤ ᠰᠠᠭᠤᠷᠢᠯᠠᠨ᠂ ᠤᠷᠤᠨ ᠪᠠᠶᠢᠷᠢ ᠶᠢ ᠨᠢ ᠰᠤᠯᠢᠵᠤ ᠬᠥᠭᠵᠢᠭᠦᠯᠬᠦ ᠳᠡᠭᠡᠨ | ᠴᠢᠳᠠᠮᠠᠭᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠳᠤ ᠬᠦᠷᠬᠦ ᠦᠰᠦᠷᠦᠯᠲᠡ ᠶᠢᠨ ᠵᠠᠮ ᠢ ᠣᠨᠣᠪᠴᠢᠲᠠᠢ ᠣᠯᠬᠤ | ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠴᠤ ᠲᠡᠷᠡ᠂ ᠠᠵᠤ ᠠᠬᠤᠶᠢᠯᠠᠯ ᠴᠤ ᠲᠡᠷᠡ᠂ ᠴᠥᠮ | ᠣᠬᠤᠷ ᠬᠤᠭᠤᠴᠠᠭᠠᠨ ᠤ ᠠᠰᠢᠭ ᠲᠤᠰᠠ ᠠᠴᠠ ᠪᠣᠯᠵᠤ ᠦᠨ᠎ᠡ ᠬᠠᠩᠰᠢ ᠶᠢᠨ ︽ᠤᠷᠴᠢᠨ ᠲᠤᠭᠤᠷᠢᠨ ᠪᠠ | ᠨᠡᠶᠢᠭᠡᠮ ᠤᠨ ᠠᠰᠠᠷᠠᠮᠵᠢ ᠶᠢᠨ ᠪᠠᠷᠢᠮᠵᠢᠶ᠎ᠠ ᠶᠢ ᠥᠷᠢᠰᠦᠯᠳᠦᠨ ᠪᠠᠭᠤᠷᠠᠭᠤᠯᠬᠤ︾ ᠠᠵᠢᠯᠯᠠᠭ᠎ᠠ ᠬᠢᠵᠦ᠂ ᠠᠵᠢᠯ | ᠲᠦᠷᠤᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠮᠠᠭᠤᠳᠠᠭᠤᠯᠬᠤ ᠪᠠ ᠲᠤᠰ ᠲᠤᠰ ᠤᠨ | ᠣᠷᠣᠰᠢᠨ ᠲᠣᠭᠲᠠᠨᠢᠬᠤ ᠳᠠᠷᠤᠯᠲᠠ ᠶᠢ ᠨᠡᠮᠡᠭᠳᠡᠭᠦᠯᠵᠦ ᠪᠣᠯᠬᠤ ᠦᠭᠡᠢ᠂ ᠬᠠᠷᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ | ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠪᠠ ᠮᠡᠷᠭᠡᠵᠢᠯ ᠤᠨ ᠲᠠᠪᠰᠢᠯᠳᠠ ᠪᠠᠷ ᠳᠠᠮᠵᠢᠨ ᠴᠢᠳᠠᠮᠵᠢ᠂ ᠶᠠᠰᠤ | ᠴᠢᠨᠠᠷ ᠤᠨ ᠲᠠᠯ᠎ᠠ ᠪᠠᠷ ︽ᠳᠡᠭᠡᠭᠰᠢ ᠥᠷᠢᠰᠦᠯᠳᠦᠵᠦ︾᠂ ᠳᠠᠪᠠᠭᠤᠯᠢᠭ ᠪᠠᠶᠢᠷᠢ ᠶᠢ ᠣᠯᠬᠤ ᠬᠡᠷᠡᠭᠲᠡᠢ᠃ | ᠵᠢᠱᠢᠶᠡᠯᠡᠪᠡᠯ᠂ ︽ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠲᠤᠰᠬᠠᠢ ᠠᠵᠢᠯᠯᠠᠭ᠎ᠠ ᠶᠢ ᠥᠷᠨᠢᠭᠦᠯᠬᠦ︾ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠴᠢᠬᠤᠯᠠ ᠡᠭᠦᠷᠭᠡ ᠪᠣᠯᠬᠤ ᠪᠥᠭᠡᠳ ᠪᠠᠰᠠ ᠴᠤ ᠠᠵᠤ ᠠᠬᠤᠢ ᠶᠢᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ | ᠡᠯ᠎ᠡ ᠲᠦᠷᠦᠯ ᠤᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠪᠦᠲᠦᠮᠵᠢᠲᠡᠢ ᠪᠥᠭᠡᠳ ᠡᠷᠬᠡ ᠲᠡᠭᠰᠢ ᠪᠠᠷ ᠬᠠᠮᠠᠭᠠᠯᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠶᠢᠳᠪᠦᠷᠢᠯᠡᠵᠦ᠂ | ᠬᠠᠤᠯᠢ ᠠᠴᠠ ᠭᠠᠳᠠᠭᠤᠷ ᠥᠷᠥᠰᠢᠶᠡᠨ ᠠᠭᠤᠴᠢᠯᠠᠬᠤ ᠦᠭᠡᠢ ᠪᠠᠶᠢᠬᠤ ᠪᠣᠯ ᠬᠠᠤᠯᠢ ᠪᠠᠷ ᠵᠠᠰᠠᠬᠤ ᠠᠵᠤ ᠠᠬᠤᠢ᠂ | ᠬᠠᠤᠯᠢ ᠪᠠᠷ ᠵᠠᠰᠠᠬᠤ ᠨᠡᠶᠢᠭᠡᠮ ᠤᠨ ᠦᠨᠳᠦᠰᠦᠨ ᠱᠠᠭᠠᠷᠳᠠᠯᠭ᠎ᠠ ᠮᠥᠨ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ | ᠠᠵᠢᠯᠯᠠᠭ᠎ᠠ ᠶᠢ ᠥᠷᠨᠢᠭᠦᠯᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ | ᠰᠶᠢᠳᠪᠦᠷᠢᠯᠡᠨ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠬᠠᠤᠯᠢ ᠬᠡᠷᠡᠭᠵᠢᠭᠦᠯᠬᠦ ᠪᠠ ᠠᠰᠢᠭ ᠬᠠᠷᠠᠬᠤ | ᠴᠢᠨᠠᠷᠲᠠᠢ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠵᠦ᠂ ᠬᠡᠷᠡᠭ ᠰᠶᠢᠳᠪᠦᠷᠢᠯᠡᠬᠦ ᠶᠢ ᠠᠰᠢᠭ ᠲᠤᠰᠠ ᠯᠤᠭ᠎ᠠ | ᠬᠤᠯᠪᠣᠭᠳᠠᠭᠤᠯᠬᠤ ᠶᠢ ᠴᠠᠭᠠᠵᠠᠯᠠᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ | ᠪᠥᠭᠡᠳ ᠪᠦᠲᠦᠮᠵᠢᠲᠡᠶ ᠬᠠᠮᠠᠭᠠᠯᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠨᠦᠬᠦᠴᠡᠯ ᠢ ᠪᠣᠶ ᠪᠣᠯᠭᠠᠵᠤ ᠥᠭᠬᠦ ᠬᠡᠷᠡᠭᠲᠡᠢ᠃ | ᠪᠠᠰᠠ ᠵᠢᠱᠢᠶᠡᠯᠡᠪᠡᠯ ᠠᠵᠢᠯ ᠣᠯᠭᠤᠯᠲᠠ ᠶᠢᠨ ᠠᠰᠠᠭᠤᠳᠠᠯ ᠪᠣᠯ ᠬᠤᠷᠠᠯ ᠠᠴᠠ ᠭᠤᠣᠯᠳᠠᠯᠭ᠎ᠠ ᠲᠠᠢ | ᠪᠠᠶᠢᠷᠢᠯᠠᠭᠤᠯᠤᠭᠰᠠᠨ ᠬᠦᠷᠢᠶ᠎ᠠ ᠶᠢᠨ ᠨᠢᠭᠡ ᠪᠣᠯᠣᠨ᠎ᠠ᠃ ︽ᠠᠵᠢᠯ ᠣᠯᠭᠤᠯᠲᠠ ᠶᠢ ᠪᠠᠲᠤᠯᠠᠬᠤ᠂ ᠪᠠᠷᠠᠭᠠᠨ ᠤ | ᠦᠨ᠎ᠡ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ︾᠂ ︽ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠬᠤ ᠶᠢ ᠠᠬᠢᠭᠤᠯᠬᠤ︾ ᠬᠠᠷᠠᠯᠲᠠ ᠶᠢ | ᠲᠣᠳᠣᠷᠬᠠᠶᠢᠯᠠᠭᠰᠠᠨ ᠠᠴᠠ ︽ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ | ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ | ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ︾ ᠠᠷᠭ᠎ᠠ ᠬᠡᠮᠵᠢᠶ᠎ᠡ ᠶᠢ ᠳᠤᠷᠠᠳᠤᠭᠰᠠᠨ ᠬᠦᠷᠲᠡᠯ᠎ᠡ᠂ ᠵᠣᠷᠢᠯᠭ᠎ᠠ ᠨᠢ ᠳᠠᠷᠤᠢ | ᠠᠷᠭ᠎ᠠ ᠪᠦᠬᠦᠨ ᠢ ᠰᠦᠪᠡᠭᠴᠢᠯᠡᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ | ᠦᠨᠳᠦᠰᠦ᠂ ᠬᠥᠭᠵᠢᠯᠲᠡ ᠶᠢᠨ ᠰᠠᠭᠤᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ᠃ | ᠣᠳᠣᠬᠠᠨ ᠳᠤ᠂ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠡ ᠮᠥᠨ ᠬᠦ ᠴᠥᠭᠡᠨ ᠪᠤᠰᠤ ᠬᠦᠴᠢᠷᠳᠡᠯ ᠪᠠ | ᠥᠷᠢᠰᠦᠯᠳᠦᠭᠡᠨ ᠳᠤ ᠲᠤᠯᠭᠠᠷᠠᠵᠤ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠨᠢ | ᠳᠠᠷᠤᠯᠲᠠ ᠳᠤ ᠲᠤᠯᠭᠠᠷᠠᠵᠤ ᠪᠠᠶᠢᠨ᠎ᠠ᠃ ᠢᠷᠡᠬᠦ ᠵᠢᠯ ᠠᠵᠢᠯ ᠣᠯᠬᠤ ᠴᠢᠬᠤᠯᠠᠲᠠᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠬᠡᠪᠴᠢᠶ᠎ᠡ ᠮᠠᠰᠢ ᠶᠡᠭᠡ ᠪᠠᠶᠢᠵᠤ᠂ ︽ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ︾ ᠲᠠᠯ᠎ᠠ ᠪᠠᠷ ᠨᠠᠩ ᠣᠯᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ | ᠶᠡᠭᠡ ᠶᠠᠪᠤᠳᠠᠯ ᠪᠣᠯᠭᠠᠨ ᠠᠳᠬᠤᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶ᠎ᠠ ᠶᠢᠨ | ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠵᠦ᠂ ᠠᠵᠢᠯ ᠣᠯᠭᠤᠯᠲᠠ ᠶᠢ ᠳᠡᠮᠵᠢᠬᠦ | ᠲᠥᠯᠥᠪᠯᠡᠭᠡ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠵᠤ᠂ | ᠠᠮᠢᠳᠤᠯᠢᠭ ᠢᠶᠠᠷ ᠠᠵᠢᠯ ᠣᠯᠤᠬᠰᠠᠳ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ | ᠲᠡᠳᠬᠦᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠤᠨ | ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ | ᠭᠤᠣᠯᠴᠢ ᠪᠠᠷ ᠬᠦᠷᠲᠡᠭᠡᠬᠦ ᠬᠡᠷᠡᠭᠲᠡᠢ᠃ | ᠲᠦᠮᠡ ᠮᠢᠩᠭᠠᠨ ᠵᠦᠢᠯ ᠤᠨ ᠠᠵᠢᠯ ᠤᠪᠤᠭᠠᠷᠠᠬᠤ ᠲᠤᠳᠤᠮ ᠭᠤᠣᠯᠳᠠᠯᠭ᠎ᠠ ᠶᠢ ᠤᠯᠠᠮ ᠲᠤᠪᠤᠶᠢᠯᠭᠠᠵᠤ᠂ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠳᠠᠭᠠᠯᠳᠤᠨ | ᠰᠶᠢᠳᠪᠦᠷᠢᠯᠡᠭᠳᠡᠬᠦ ᠤᠪᠤᠷ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ | ᠡᠭᠦᠷᠭᠡ ᠶᠢ ᠰᠠᠶᠢᠲᠤᠷ ᠪᠡᠶᠡᠯᠡᠭᠦᠯᠪᠡᠯ᠂ ᠪᠢᠳᠠ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠵᠦ ᠴᠢᠳᠠᠬᠤ ᠨᠢ ᠯᠠᠪᠲᠠᠢ ᠶᠤᠮ᠃ |