1 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠳᠣᠣᠱᠯᠠᠭᠤᠯᠣᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ | ᠪᠠᠲᠤ ᠶᠢᠨ ᠬᠥᠮᠦᠵᠢᠯ ᠤᠨ ᠬᠢᠵᠠᠭᠠᠷᠯᠠᠬᠤ ᠪᠠ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ | ᠪᠠᠳᠠᠷᠠᠭᠤᠯᠬᠤ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠦᠬᠦ | ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠨᠥᠬᠦᠳ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠳᠣᠣᠱᠯᠠᠭᠤᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠨ᠂ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠴᠢᠩᠭᠠᠳᠬᠠᠬᠤ ᠶᠢᠨ ᠤᠳᠤᠷᠢᠳᠤᠭᠴᠢ᠂ ᠬᠡᠷᠡᠭᠵᠢᠭᠦᠯᠦᠭᠴᠢ᠂ ᠠᠬᠢᠭᠤᠯᠤᠭᠴᠢ ᠪᠣᠯᠬᠤ ᠬᠡᠷᠡᠭᠲᠡᠢ᠃ | ᠡᠷᠡᠰ ᠪᠠᠲᠤ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ ᠪᠠᠳᠤᠵᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ | ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠰᠡᠳᠭᠢᠵᠦ ᠦᠢᠯᠡᠳᠦᠯᠭᠡᠵᠢᠭᠦᠯᠦᠨ ᠤᠬᠠᠬᠤ ᠶᠢ ᠵᠠᠪᠠᠯ ᠰᠤᠷᠬᠤ ᠨᠢᠭᠡᠳᠦᠭᠡᠷ ᠬᠢᠴᠢᠶᠡᠯ | ᠪᠣᠯᠭᠠᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠣ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠤᠨ᠂ ᠲᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠤᠤᠷ᠎ᠠ ᠵᠣᠷᠢᠭᠲᠠᠶ | ᠠᠵᠢᠯᠯᠠᠵᠤ᠂ ᠣᠷᠣᠨ ᠳᠠᠶᠠᠭᠠᠷ ᠢᠶᠠᠨ ᠰᠤᠷᠲᠠᠯ ᠴᠢᠬᠡᠴᠢ ᠣᠪᠣᠷ ᠲᠥᠪ᠂ ᠡᠷᠡᠯᠬᠡᠭᠯᠡᠨ ᠤᠷᠤᠭᠰᠢᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠶ᠃ ᠰᠠᠬᠢᠯᠭ᠎ᠠ ᠪᠠᠲᠤ ᠶᠣᠰᠣ | ᠲᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠱᠠᠭᠠᠷᠳᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠩᠭ᠎ᠠ ᠠᠴᠠ ᠴᠢᠩᠭ᠎ᠠ ᠠᠳᠬᠤᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠪᠠ ᠢᠯᠵᠡᠷᠡᠮᠡᠯ | ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠳᠤᠮᠳᠠ ᠬᠥᠭᠵᠢᠯᠲᠡ ᠶᠢ ᠠᠬᠢᠭᠤᠯᠵᠤ᠂ | ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ | ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ | ᠵᠥᠪᠯᠡᠯᠭᠡᠨ ᠤ ᠬᠢᠨ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ | ᠰᠢᠵᠢᠮ ᠢ ᠪᠥᠬᠦ ᠲᠠᠯ᠎ᠠ ᠪᠠᠷ ᠳᠣᠣᠱᠯᠠᠭᠤᠯᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢ ᠴᠢᠨᠠᠷ ᠰᠠᠶᠢᠲᠠᠶ | ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ | ᠪᠣᠳᠠᠲᠠᠶᠢᠵᠢᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠶ | ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ᠂ | ᠡᠯ᠎ᠡ ᠱᠠᠲᠤᠨ ᠤ ᠬᠢᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠬᠥᠭᠵᠢᠯᠲᠡ ᠶᠢᠨ | ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠨᠢᠭᠡ | ᠵᠢᠯ ᠳᠤ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠨᠠᠩ ᠰᠠᠶᠢᠲᠤᠷ ᠪᠡᠶᠡᠯᠡᠬᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠴᠢᠬᠤᠯᠠ | ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠨᠢᠭᠡᠨ | ᠭᠤᠣᠯ ᠰᠢᠵᠢᠮ ᠢ ᠳᠣᠣᠱᠯᠠᠭᠤᠯᠣᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ | ᠭᠦᠨᠵᠡᠭᠡᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠵᠠᠯᠭᠠᠭ᠎ᠠ ᠪᠠᠷ ᠬᠡᠷᠡᠭᠵᠢᠭᠦᠯᠦᠨ᠂ ︽ᠵᠢᠷᠭᠤᠭᠠᠨ | ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠨᠢᠭᠡ ᠠᠯᠬᠤᠮ ᠢᠶᠠᠷ ᠴᠥᠬᠦᠷᠡᠰᠢ ᠦᠭᠡᠢ ᠲᠡᠮᠡᠴᠡᠬᠦ | ᠳᠤᠮᠳᠠ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ | ᠬᠡᠷᠡᠭᠲᠡᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ | ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠ ︽ᠭᠠᠪᠢᠶ᠎ᠠ ᠵᠢᠳᠬᠦᠯ ᠳᠤ ᠯᠠᠪᠲᠠᠢ ᠪᠢ | ᠪᠠᠶᠢᠬᠤ︾ ᠴᠤᠭ ᠵᠢᠪᠬᠤᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠠᠮᠤᠷ ᠲᠦᠪᠰᠢᠨ ᠬᠥᠭᠵᠢᠯᠲᠡ ᠶᠢᠨ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠬᠠᠤᠯᠢ ᠲᠣᠭᠲᠠᠭᠠᠬᠤ | ᠲᠥᠯᠥᠪᠯᠡᠭᠡ ᠶᠢ ᠬᠢᠨᠠᠨ ᠵᠥᠪᠯᠡᠪᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | 2024 ᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ | ᠲᠥᠯᠥᠪᠯᠡᠭᠡ ᠶᠢ ᠬᠢᠨᠠᠨ ᠵᠥᠪᠯᠡᠪᠡ︔ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠲᠥᠷᠥ ᠶᠢᠨ | ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠥᠪᠯᠡᠵᠦ᠂ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠲᠣᠭᠤᠷᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠥᠩᠭᠡᠷᠡᠭᠰᠡᠨ ᠨᠢᠭᠡ ᠵᠢᠯ ᠤᠨ ᠲᠣᠭᠤᠷᠢᠨ ᠪᠠᠶᠢᠴᠠᠭᠠᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ | ᠭᠦᠢᠴᠡᠳ ᠨᠤᠲᠠᠯᠠᠵᠤ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ | ᠪᠠᠶᠢᠴᠠᠭᠠᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠪᠦᠬᠦ | ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠭᠴᠠᠯᠠᠬᠤ ᠪᠠᠷ | ᠭᠤᠣᠯ ᠰᠢᠵᠢᠮ ᠪᠣᠯᠭᠠᠵᠤ᠂ ᠠᠵᠢᠯ ᠢᠶᠠᠨ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠲᠣᠭᠤᠷᠢᠨ | ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠴᠡᠭᠴᠡᠯᠡᠨ | ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠡᠴᠡ ᠶᠢ ᠰᠠᠶᠢᠲᠤᠷ ᠬᠡᠷᠡᠭᠯᠡᠵᠦ᠂ ᠪᠦᠬᠦ ᠲᠠᠯ᠎ᠠ ᠪᠠᠷ ᠬᠦᠴᠦ ᠪᠠᠨ | ᠬᠠᠮᠲᠤᠳᠬᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠤᠨ | ᠰᠦᠪᠡᠭᠴᠢ ᠶᠢ ᠴᠢᠩᠭ᠎ᠠ ᠨᠡᠬᠡᠮᠵᠢᠯᠡᠨ ᠪᠠᠶᠢᠴᠠᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠥᠮᠥᠨ | ᠪᠠ ᠬᠡᠷᠡᠭ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠶᠢᠳᠪᠦᠷᠢᠯᠡᠵᠤ᠂ ᠤᠭᠲᠤ ᠠᠭᠤᠴᠢᠯᠠᠵᠤ ᠪᠤᠯᠬᠤ ᠦᠭᠡᠢ᠃ | ᠤᠳᠤᠷᠢᠳᠬᠤ ᠪᠠᠭ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ᠂ | ᠠᠵᠢᠯ ᠢᠶᠠᠨ ᠰᠠᠶᠢᠲᠤᠷ ᠥᠷᠨᠢᠭᠦᠯᠦᠭᠰᠡᠨ ᠦᠭᠡᠢ᠂ ᠳᠣᠲᠣᠭᠠᠳᠤ ᠶᠢᠨ ᠠᠰᠠᠭᠤᠳᠠᠯ ᠤᠯᠠᠨ ᠣᠷᠣᠰᠢᠵᠤ ᠪᠠᠶᠢᠭ᠎ᠠ | ᠪᠠᠶᠢᠳᠠᠯ ᠳᠤ ᠡᠷᠡᠰ ᠲᠣᠬᠢᠷᠠᠭᠤᠯᠤᠯᠲᠠ ᠬᠢᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ | ᠨᠡᠶᠢᠳᠡᠮ ᠤᠨ ᠴᠢᠨᠠᠷᠲᠠᠢ ᠠᠰᠠᠭᠤᠳᠠᠯ ᠢ ᠭᠦᠨᠵᠡᠭᠡᠢ ᠵᠠᠳᠠᠯᠵᠤ᠂ ᠪᠠᠶᠢᠭᠤᠯᠤᠮᠵᠢ ᠲᠣᠭᠲᠡᠴᠡ ᠠᠴᠠ ᠭᠠᠷᠳᠠᠵᠤ ᠠᠯᠳᠠᠭ᠎ᠠ | ᠭᠠᠷᠬᠤ ᠶᠢ ᠬᠤᠷᠢᠭᠯᠠᠬᠤ ᠬᠡᠷᠡᠭᠲᠡᠢ᠃ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ | ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ | ᠶᠠᠪᠤᠴᠠ ᠳᠤ ᠠᠯᠳᠠᠭ᠎ᠠ ᠭᠠᠷᠭᠠᠭᠰᠠᠨ ᠺᠠᠳ᠋ᠷ ᠤᠨ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ | ᠬᠡᠯᠲᠦᠷᠢᠭᠦᠯᠵᠦ᠂ ᠠᠵᠢᠯ ᠬᠢᠬᠦ ᠦᠭᠡᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠦᠵᠡᠮᠡᠭᠴᠡ ᠮᠡᠳᠡᠴᠢᠬᠡᠬᠦ | ᠠᠰᠠᠭᠤᠳᠠᠯ ᠢ ᠦᠵᠡᠵᠦ ᠪᠠᠶᠢᠭᠠᠳ ᠬᠠᠶᠢᠬᠤᠷᠬᠤ ᠦᠭᠡᠢ ᠬᠥᠮᠥᠨ ᠢ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |