ᠠᠯᠠᠱᠠ᠄ ᠬᠠᠷᠠᠯᠲᠠ ᠪᠠᠨ ᠲᠣᠭᠲᠠᠭᠠᠵᠤ ᠡᠷᠴᠢ ᠵᠣᠷᠢᠭ ᠢᠶᠠᠨ ᠬᠥᠪᠴᠢᠯᠡᠨ ᠵᠢᠳᠬᠦᠯ ᠴᠢᠷᠮᠠᠶᠢᠯᠭ᠎ᠠ ᠭᠠᠷᠭᠠᠵᠤ ᠰᠢᠨ᠎ᠡ ᠶᠢ ᠡᠭᠦᠳᠦᠨ᠎ᠡ
ᠨᠡᠶᠢᠲᠡᠯᠡᠭᠰᠡᠨ ᠴᠠᠭ᠄
2025/1/7
    2024 ᠣᠨ ᠤ 12 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠣᠶᠢᠷ᠎ᠠ ᠶᠢᠨ ᠡᠳᠦᠷ ᠤᠳ ᠲᠤ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ  ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠴᠠ ᠡᠯ᠎ᠡ ᠵᠦᠢᠯ ᠤᠨ ᠡᠭᠦᠷᠭᠡ ᠶᠢ ᠲᠦᠷᠬᠡᠨ ᠪᠠᠶᠢᠷᠢᠯᠠᠭᠤᠯᠵᠤ᠂ ᠬᠠᠷᠠᠯᠲᠠ ᠪᠠᠨ ᠲᠣᠭᠲᠠᠭᠠᠵᠤ᠂ ᠪᠥᠬᠦ ᠬᠦᠴᠦᠨ ᠢᠶᠠᠷ ᠢᠶᠠᠨ  ᠪᠡᠷᠭᠡ ᠶᠢ ᠳᠠᠪᠠᠵᠦ᠂ ᠬᠤᠶᠠᠷ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠠᠬᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠪᠴᠢᠳᠠᠢ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠬᠦᠵᠦ ᠪᠠᠶᠢᠨ᠎ᠠ᠃     ᠪᠥᠬᠦᠳᠡ ᠬᠤᠷᠠᠯ ᠠᠴᠠ᠂ ᠤᠨᠠᠯᠲᠠ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠠᠮᠢ ᠠᠬᠤᠶ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶᠡᠨ ᠤ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃ ᠠᠯᠠᠱᠠ ᠠᠶᠢᠮᠠᠭ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠳᠣᠭᠳᠠᠯᠴᠠᠭ᠎ᠠ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠳᠣᠭᠳᠠᠯᠴᠠᠭ᠎ᠠ ᠶᠢ ᠬᠦᠴᠦᠯᠡᠨ ᠪᠠᠶᠢᠭᠤᠯᠵᠤ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ᠃     ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠬᠡᠰᠢᠬᠦᠨ᠂ ᠳᠡᠳ᠋ ᠳᠠᠷᠤᠭ᠎ᠠ ᠺᠠᠩ ᠵᠢᠶᠠᠨ ᠵᠢᠶᠦ᠋ᠨ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠠᠮᠢ ᠠᠬᠤᠶ ᠲᠠᠷᠢᠶᠠᠯᠠᠩ ᠮᠠᠯ ᠠᠵᠤ ᠠᠬᠤᠶ ᠶᠢ ᠲᠦᠷᠬᠡᠨ ᠬᠥᠭᠵᠢᠭᠦᠯᠵᠦ᠂ ᠲᠠᠷᠢᠮᠠᠯ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠤᠨ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠦᠨ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠤᠨ᠂ ᠲᠡᠮᠡᠭᠡᠨ ᠤ ᠠᠵᠤ ᠦᠢᠯᠡᠰ ᠢ ᠲᠠᠰᠤᠷᠠᠯᠲᠠ ᠥᠬᠡᠶ ᠨᠠᠷᠢᠯᠢᠭᠵᠢᠭᠤᠯᠣᠨ ᠰᠢᠯᠢᠳᠡᠭᠵᠢᠭᠦᠯᠵᠦ᠂ ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠪᠡ᠃
1.jpg
     ᠠᠮᠢ ᠠᠬᠤᠶ ᠣᠷᠴᠢᠨ ᠲᠣᠭᠤᠷᠢᠨ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠰᠠᠭᠤᠷᠢ ᠮᠥᠨ᠂ ᠪᠥᠬᠦᠳᠡ ᠬᠤᠷᠠᠯ ᠠᠴᠠ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠪᠠ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠶ ᠭᠡᠪᠠ᠃ ᠤᠢᠢᠷ᠎ᠠ ᠶᠢᠨ ᠵᠢᠯ ᠠᠴᠠ᠂ ᠠᠯᠠᠱᠠ ᠠᠶᠢᠮᠠᠭ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠦᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠲᠦᠷᠦᠯ ᠵᠦᠢᠯᠴᠢᠯᠡᠨ ᠠᠬᠢᠭᠤᠯᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠪᠡ᠃     ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠪᠢᠩ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠳᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠬᠦ ᠳᠤ ᠬᠦᠴᠦᠨ ᠨᠡᠮᠡᠷᠢᠯᠡᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠳᠡᠰᠢ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ ᠭᠡᠪᠡ᠃
2.jpg
     ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠵᠤ ᠠᠬᠤᠶ ᠶᠢᠨ ᠠᠵᠢᠯ ᠤᠨ ︽ᠮᠦᠩᠬᠦᠨ ᠤ ᠪᠠᠳᠣᠯᠠᠭ᠎ᠠ︾ ᠪᠣᠯᠤᠭᠰᠠᠨ ᠤ ᠬᠤᠪᠢ ᠳᠤ᠂ ᠡᠳ᠋ ᠤᠨ ᠵᠠᠰᠠᠭ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ ᠪᠠ ᠥᠨᠳᠥᠷ ᠪᠦᠲᠦᠮᠵᠢᠲᠡᠶ ᠲᠣᠬᠢᠷᠠᠭᠤᠯᠬᠤ ᠶᠢ ᠦᠨᠡᠨ ᠬᠦ ᠪᠠᠲᠤᠯᠠᠬᠤ ᠪᠣᠯ ᠠᠵᠤ ᠠᠬᠤᠶ ᠶᠢᠨ ᠬᠥᠭᠵᠢᠯᠲᠡ ᠶᠢᠨ ᠪᠠᠲᠤ ᠴᠢᠩᠭ᠎ᠠ ᠪᠠᠲᠤᠯᠠᠭ᠎ᠠ ᠮᠥᠨ᠃ ᠪᠦᠬᠦᠳᠡ ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠪᠡ᠃     ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠱᠦ ᠬᠤᠸᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠣᠰ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠨᠡᠮᠡᠭᠳᠡᠭᠦᠯᠵᠦ᠂ ᠣᠷᠣᠯᠭ᠎ᠠ ᠵᠠᠷᠤᠯᠭ᠎ᠠ ᠶᠢ ᠲᠣᠭᠲᠠᠪᠤᠷᠢᠵᠢᠭᠤᠯᠬᠤ᠂ ᠭᠤᠤᠯᠳᠠᠯᠭ᠎ᠠ ᠶᠢ ᠪᠠᠲᠤᠯᠠᠬᠤ᠂ ᠦᠷ᠎ᠡ ᠠᠰᠢᠭ ᠢ ᠴᠢᠩᠭᠠᠳᠬᠠᠬᠤ ᠲᠠᠯ᠎ᠠ ᠪᠠᠷ ᠦᠨᠡᠨ ᠬᠦ ᠬᠦᠴᠦᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ︽ᠵᠢᠷᠭᠤᠭᠠᠨ ᠠᠵᠢᠯᠯᠠᠭ᠎ᠠ︾ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠰᠥᠰᠥ ᠵᠣᠷᠢᠭ ᠢᠶᠠᠷ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠥᠰᠦᠪ ᠢ ᠬᠢᠨᠠᠨ ᠲᠣᠭᠲᠠᠭᠠᠬᠤ ᠲᠦᠷᠢᠮ ᠢ ᠰᠢᠯᠢᠳᠡᠭᠵᠢᠭᠦᠯᠦᠨ᠂ ᠣᠯᠠᠨ ᠡᠰᠢᠲᠦ ᠰᠲ᠋ᠣᠺ ᠤᠨ ᠡᠷᠬᠡ ᠶᠢᠨ ᠪᠠᠯᠠ ᠲᠣᠬᠢᠷᠠᠭᠤᠯᠭ᠎ᠠ ᠶᠢ ᠬᠥᠭᠵᠢᠭᠦᠯᠵᠦ᠂ ᠡᠳ᠋ ᠤᠨ ᠵᠠᠰᠠᠭ ᠤᠨ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ︔ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠨ᠂ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠣᠳᠠᠲᠠᠶᠢᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠡᠷᠦᠩᠬᠡᠶᠢᠯᠡᠨ ᠨᠢᠭᠡᠳᠦᠯᠲᠡᠶ ᠲᠥᠯᠥᠪᠵᠢᠭᠦᠯᠦᠭᠰᠡᠨ᠂ ᠵᠢᠷᠤᠮᠵᠢᠯ ᠲᠠᠢ ᠪᠥᠭᠡᠳ ᠢᠯᠡ ᠲᠣᠳᠣ᠂ ᠴᠢᠩᠭ᠎ᠠ ᠬᠢᠵᠠᠭᠠᠷᠯᠠᠭᠰᠠᠨ᠂ ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠭᠰᠡᠨ᠂ ᠠᠮᠤᠷ ᠲᠦᠪᠰᠢᠨ ᠳᠣᠭᠳᠠᠪᠣᠷᠢᠳᠠᠢ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠦᠨᠡᠨ ᠬᠦ ᠪᠠᠶᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠳ᠋ ᠤᠨ ᠵᠠᠰᠠᠭ ᠤᠨ ᠣᠶᠤᠨ ᠤᠬᠠᠭᠠᠨ ᠬᠦᠴᠦᠨ ᠢ  ᠨᠡᠮᠡᠷᠢᠯᠡᠨ᠎ᠡ ᠭᠡᠪᠡ᠃     ᠪᠥᠬᠦᠳᠡ ᠬᠤᠷᠠᠯ ᠠᠴᠠ᠂ ᠭᠠᠳᠠᠭᠠᠳᠤ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠳᠣ ᠳᠡᠷᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠬᠡᠷᠡᠭᠲᠡᠶ ᠬᠡᠪᠡ᠃     ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠯᠢ ᠢ ᠰᠢᠶᠠ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠪᠣᠭᠤᠮᠲᠠ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠨᠡᠭᠦᠷᠡᠰᠦ ᠬᠠᠳᠠᠭᠠᠯᠠᠵᠤ ᠳᠣᠭᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠪᠡᠯᠭᠡ ᠲᠡᠮᠳᠡᠭ ᠤᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠪᠠ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠦᠪᠡᠭᠴᠢᠯᠡᠵᠦ᠂ ︽ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠥᠯᠵᠡᠶ ᠪᠣᠭᠤᠮᠲᠠ ᠶᠢᠨ ᠲᠤᠰᠠᠯᠠᠨ ᠪᠠᠶᠢᠭᠤᠯᠬᠤ ᠲᠥᠷᠥᠯ ᠵᠦᠢᠯ ᠢ ᠠᠬᠢᠭᠤᠯᠵᠤ᠂ ᠴᠡᠭᠡ ᠪᠣᠭᠤᠮᠲᠠ ᠶᠢ ᠬᠥᠲᠥᠯᠦᠨ ᠵᠢᠯᠣᠭᠤᠳᠴᠤ ᠪᠣᠭᠤᠮᠲᠠ ᠪᠠᠷ ᠥᠩᠭᠡᠷᠡᠬᠦ ᠦᠢᠯᠡᠳᠦᠯ ᠴᠢᠳᠠᠪᠤᠷᠢ ᠶᠢ ᠨᠢ ᠳᠡᠭᠡᠭᠰᠢᠯᠡᠭᠦᠯᠦᠨ ᠂ ᠪᠣᠭᠤᠮᠲᠠ ᠳᠣᠲᠣᠷ᠎ᠠ ᠭᠠᠵᠠᠷ ᠬᠤᠯᠪᠣᠭᠠᠯᠠᠨ ᠬᠥᠭᠵᠢᠬᠦ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠬᠡᠷᠡᠭᠵᠢᠭᠦᠯᠦᠨ᠂ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠦᠨ᠎ᠡ︔ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ ᠭᠡᠪᠡ᠃
3.jpg
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号