12 ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ | ᠲᠠᠯᠪᠢᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠪᠢᠳᠡᠨ ᠤ | ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ | ᠴᠢᠬᠤᠯᠠ ᠵᠢᠷᠤᠮᠯᠠᠯ ᠬᠠᠩᠭᠠᠪᠠ᠃ | ᠨᠢᠭᠡ ᠵᠢᠯ ᠤᠨ ᠲᠤᠷᠰᠢ᠂ ᠮᠠᠨ ᠤ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠭᠠᠳᠠᠭᠠᠳᠤ | ᠣᠷᠴᠢᠨ ᠤ ᠳᠠᠷᠤᠯᠲᠠ ᠶᠡᠬᠡᠳᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ | ᠬᠦᠨᠳᠦ ᠨᠣᠴᠢᠲᠠᠢ ᠪᠠᠶᠢᠳᠠᠯ ᠤᠨ ᠡᠮᠦᠨ᠎ᠡ᠂ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠠ ᠶᠡᠷᠦᠩᠬᠡᠢ ᠳᠡᠭᠡᠨ | ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠤᠯᠤᠬᠰᠠᠨ ᠠᠮᠵᠢᠯᠳᠠ ᠪᠦᠳᠦᠮᠵᠢ | ᠬᠢᠯᠪᠠᠷ ᠪᠤᠰᠤ ᠪᠠᠷ ᠢᠷᠡᠭᠰᠡᠨ ᠪᠥᠭᠡᠳ ᠬᠥᠮᠥᠰ ᠤᠨ ᠤᠷᠮ᠎ᠠ ᠵᠤᠷᠢᠭ ᠢ ᠬᠦᠭᠵᠢᠭᠡᠭᠰᠡᠨ ᠶᠤᠮ᠃ | ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠴᠢᠬᠤᠯᠠ | ᠠᠬᠢᠴᠠ ᠲᠠᠢ ᠪᠣᠯᠤᠭᠰᠠᠨ ᠠᠴᠠ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠪᠠ | ᠲᠣᠭᠠᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠬᠦᠷᠲᠡᠯ᠎ᠡ᠂ | ᠲᠠᠬᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠯ ᠤᠨ ᠬᠡᠮᠵᠢᠶ᠎ᠡ ᠠᠩᠬ᠎ᠠ ᠤᠳᠠᠭ᠎ᠠ | 1000 ᠲᠦᠮᠡ ᠶᠢ ᠳᠠᠪᠠᠵᠤ᠂ ᠠᠮᠤ ᠪᠤᠳᠠᠭᠠᠨ ᠤ ᠤᠨᠠᠯᠳᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠢ | ᠳᠠᠪᠠᠭᠰᠠᠨ ᠬᠦᠷᠲᠡᠯ᠎ᠡ ᠁ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠤᠯᠤᠨ᠎ᠠ᠃ ᠪᠦᠬᠦ ᠪᠥᠮᠪᠥᠷᠴᠡᠭ ᠢ | ᠪᠠᠷᠠᠯᠠᠬᠤᠶ᠎ᠠ᠂ ᠮᠠᠨ ᠤ ᠤᠯᠤᠰ ᠮᠥᠨ ᠬᠦ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ | ᠪᠣᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠤ ᠨᠡᠩ ᠤᠯᠠᠨ ᠬᠥᠳᠡᠯᠭᠡᠬᠦ ᠬᠦᠴᠦᠨ ᠪᠠ ᠲᠣᠭᠲᠠᠪᠤᠷᠢᠲᠤ | ᠴᠢᠨᠠᠷ ᠨᠡᠮᠡᠷᠢᠯᠡᠵᠦ ᠪᠠᠶᠢᠨ᠎ᠠ᠃ | ᠢᠯᠠᠩᠭᠤᠶ᠎ᠠ ᠬᠤᠶᠠᠳᠤᠭᠠᠷ ᠭᠤᠷᠪᠠᠳᠤᠭᠠᠷ ᠤᠯᠠᠷᠢᠯ ᠳᠤ ᠠᠵᠤ ᠠᠬᠤᠢ ᠮᠠᠭᠤᠲᠠᠬᠤ ᠳᠠᠷᠤᠯᠲᠠ ᠨᠡᠮᠡᠭᠳᠡᠵᠦ᠂ | ᠭᠤᠣᠯ ᠪᠣᠯᠬᠤ ᠠᠵᠤ ᠠᠬᠤᠢ ᠶᠢᠨ ᠵᠢᠭᠠᠯᠲᠠ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠭᠰᠠᠨ ᠪᠠᠶᠢᠳᠠᠯ ᠤᠨ | ᠡᠮᠦᠨ᠎ᠡ᠂ 9 ᠰᠠᠷ᠎ᠠ ᠶᠢᠨ 26 ᠤ ᠡᠳᠦᠷ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ | ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ ᠰᠢᠭᠤᠷᠬᠠᠢ ᠪᠠᠷ ᠪᠠᠶᠢᠷᠢᠯᠠᠭᠤᠯᠵᠤ᠂ ᠨᠡᠶᠢᠭᠡᠮ ᠤᠨ | ᠢᠲᠡᠭᠡᠯ ᠵᠤᠷᠢᠭ ᠢ ᠪᠦᠲᠦᠮᠵᠢᠲᠡᠶ ᠪᠠᠳᠠᠷᠠᠭᠤᠯᠤᠨ᠂ ᠠᠵᠤ ᠠᠬᠤᠢ ᠶᠢ ᠢᠯᠡᠳᠲᠡ ᠳᠡᠭᠡᠭᠰᠢᠯᠡᠭᠦᠯᠦᠭᠰᠡᠨ ᠨᠢ ᠪᠥᠬᠦ | ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠮᠥᠷᠲᠡᠭᠡᠨ ᠢᠷᠡᠬᠦ ᠵᠢᠯ ᠤᠨ ᠠᠵᠤ ᠠᠬᠤᠢ ᠶᠢᠨ | ᠬᠥᠭᠵᠢᠯᠲᠡ ᠳᠤ ᠴᠦ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠡᠨᠡ ᠨᠢ ᠰᠢ ᠶᠢᠨ ᠫᠢᠩ | ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠶᠢᠨ ᠰᠤᠳᠤᠯᠤᠨ ᠮᠠᠭᠠᠳᠯᠠᠯᠲᠠ ᠨᠢ ᠵᠦᠪ | ᠣᠨᠣᠪᠴᠢᠲᠠᠢ᠂ ᠰᠶᠢᠳᠪᠦᠷᠢᠲᠦ ᠪᠣᠳᠣᠯᠭ᠎ᠠ ᠨᠢ ᠡᠷᠡᠰ ᠰᠢᠭᠤᠷᠬᠠᠢ᠂ ᠪᠠᠶᠢᠷᠢᠯᠠᠭᠤᠯᠤᠯᠲᠠ ᠨᠢ ᠴᠢᠩᠭ᠎ᠠ ᠬᠦᠴᠦᠲᠡᠢ᠂ | ᠠᠷᠭ᠎ᠠ ᠬᠡᠮᠵᠢᠶ᠎ᠡ ᠨᠢ ᠪᠦᠲᠦᠮᠵᠢᠲᠡᠢ ᠪᠠᠶᠢᠬᠤ ᠶᠢ ᠭᠦᠢᠴᠡᠳ ᠭᠡᠷᠡᠴᠢᠯᠡᠵᠦ᠂ ᠮᠠᠨ ᠤ ᠨᠠᠮ ᠤᠨ ᠪᠠᠶᠢᠳᠠᠯ ᠤᠨ | ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠥᠭᠡᠳ ᠤᠨᠢᠨ ᠲᠡᠬᠡᠷ᠎ᠠ ᠨᠢ ᠠᠷᠭ᠎ᠠ | ᠪᠣᠳᠣᠯᠭ᠎ᠠ ᠬᠡᠷᠡᠭᠵᠢᠭᠦᠯᠬᠦ ᠶᠢ ᠨᠡᠩ ᠢᠯᠡᠭᠦᠦ ᠴᠢᠬᠤᠯᠠᠴᠢᠯᠠᠨ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠨ | ᠬᠤᠯᠪᠣᠯᠳᠤᠨ ᠬᠥᠳᠡᠯᠦᠯᠴᠡᠬᠦ ᠶᠢ ᠨᠡᠩ ᠢᠯᠡᠭᠦᠦ ᠴᠢᠬᠤᠯᠠᠴᠢᠯᠠᠵᠤ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ | ᠬᠡᠮᠵᠢᠶ᠎ᠡ︾ ᠪᠦ᠋ᠷᠢᠯᠳᠦᠬᠦᠯᠵᠤ ᠲᠥᠪᠯᠡᠷᠡᠬᠦᠯᠦᠨ ᠬᠦᠴᠦᠯᠡᠵᠦ ᠪᠠᠶᠢᠬᠤ ᠶᠢ ᠬᠠᠷᠠᠭᠤᠯᠵᠤ ᠪᠠᠶᠢᠨ᠎ᠠ᠃ ᠲᠡᠦᠬᠡ ᠶᠢᠨ | ᠠᠬᠢᠴᠠ ᠠᠴᠠ ᠦᠵᠡᠪᠡᠯ᠂ ᠡᠨᠡ ᠤᠳᠠᠭ᠎ᠠ ᠶᠢᠨ ᠬᠤᠷᠠᠯ ᠨᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ | ︽ᠪᠠᠷᠠᠭᠠᠨ ᠡᠭᠦᠯᠡᠰ ᠬᠤᠶᠢᠯᠠᠷᠠᠨ ᠥᠩᠭᠡᠷᠡᠪᠡᠴᠦ ᠯᠠᠪᠳᠠᠭᠤᠨ ᠲᠠᠯᠪᠢᠭᠤ ᠪᠠᠶᠢᠮᠤᠢ︾᠃ ᠨᠢᠭᠡ ᠵᠢᠯ ᠤᠨ | ᠲᠤᠷᠰᠢᠬᠢ ᠬᠥᠭᠵᠢᠯᠲᠡ ᠶᠢᠨ ᠠᠮᠵᠢᠯᠲᠠ ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢ ᠭᠦᠢᠴᠡᠳ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠨᠠᠷᠢᠨ ᠪᠤᠳᠤᠯᠢᠶᠠᠨᠲᠠᠢ ᠬᠤᠪᠢᠷᠠᠯᠲᠠ | ᠶᠡᠬᠡᠲᠡᠢ ᠪᠠᠶᠢᠳᠠᠯ ᠳᠣᠣᠷ᠎ᠠ ᠠᠵᠤ ᠠᠬᠤᠢ ᠶᠢᠨ ᠠᠵᠢᠯ ᠢ ᠡᠵᠡᠮᠳᠡᠬᠦ ᠤᠶᠤᠨ ᠤᠬᠠᠭᠠᠨ ᠪᠠ ᠴᠢᠳᠠᠪᠤᠷᠢ ᠶᠢ ᠭᠦᠢᠴᠡᠳ | ᠢᠯᠡᠷᠡᠭᠦᠯᠵᠡᠢ᠃ ᠡᠨᠡ ᠤᠳᠠᠭ᠎ᠠ ᠶᠢᠨ ᠬᠤᠷᠠᠯ ᠳᠤ᠄ ︽ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ | ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ | ᠪᠠᠶᠢᠳᠠᠯ ᠢ ᠰᠤᠳᠤᠯᠤᠨ ᠮᠠᠭᠠᠳᠯᠠᠵᠤ᠂ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ | ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ | ᠠᠶᠠᠯᠠᠬᠤ ᠶᠢ ᠪᠠᠲᠤᠯᠠᠬᠰᠠᠨ ᠪᠠᠶᠢᠨ᠎ᠠ︾ ᠭᠡᠵᠦ ᠵᠢᠭᠠᠵᠤ ᠭᠠᠷᠭᠠᠪᠠ᠃ ᠡᠨᠡ ᠪᠣᠯ ᠰᠢᠨ᠎ᠡ ᠴᠠᠭ ᠦᠶ᠎ᠡ ᠠᠴᠠ | ᠨᠠᠭᠠᠰᠢᠬᠢ ᠨᠠᠮ ᠤᠨ ᠠᠵᠤ ᠠᠬᠤᠢ ᠶᠢᠨ ᠠᠵᠢᠯ ᠢ ᠤᠳᠤᠷᠢᠳᠤᠭᠰᠠᠨ ᠦᠢᠯᠡᠳᠦᠯᠭᠡ ᠶᠢᠨ ᠲᠤᠬᠠᠢ ᠰᠤᠳᠤ ᠮᠡᠷᠭᠡᠨ | ᠬᠤᠷᠢᠶᠠᠩᠭᠤᠶᠢᠯᠠᠯ ᠮᠥᠨ᠂ ᠪᠦᠬᠦ ᠤᠯᠤᠰ ᠤᠨ ᠳᠡᠭᠡᠷ᠎ᠠ ᠳᠤᠤᠷ᠎ᠠ ᠱᠠᠲᠤ ᠶᠢᠨ ᠳᠡᠭᠡᠳᠦ ᠬᠡᠮᠵᠢᠶᠡᠨ ᠤ ᠬᠠᠮᠲᠤ ᠶᠢᠨ | ᠲᠠᠨᠢᠯᠲᠠ ᠮᠥᠨ᠃ | ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠶᠡᠭᠡ ᠬᠡᠮᠵᠢᠶᠡᠨ ᠤ ᠲᠦᠷᠦ ᠶᠢᠨ | ᠪᠣᠳᠣᠯᠭ᠎ᠠ ᠶᠢᠨ ᠰᠠᠶᠢᠨ ᠲᠠᠯ᠎ᠠ ᠶᠢ ᠢᠯᠡᠷᠡᠭᠦᠯᠵᠦ᠂ ᠨᠡᠶᠢᠭᠡᠮ ᠤᠨ ᠵᠢᠱᠢᠯᠲᠡ ᠶᠢ ᠬᠦᠴᠦᠲᠡᠢ ᠲᠣᠭᠲᠠᠪᠤᠷᠢᠵᠢᠭᠤᠯᠵᠤ᠂ | ᠵᠠᠬ᠎ᠠ ᠳᠡᠯᠭᠡᠭᠦᠷ ᠤᠨ ᠢᠲᠡᠭᠡᠯ ᠵᠤᠷᠢᠭ ᠢ ᠨᠡᠮᠡᠭᠳᠡᠭᠦᠯᠪᠡ᠃ ᠡᠳ᠋ ᠤᠨ ᠵᠠᠰᠠᠭ ᠤᠨ ᠨᠠᠩ ᠢᠳᠡᠪᠬᠢᠲᠡᠢ ᠲᠥᠷᠥ ᠶᠢᠨ | ᠪᠣᠳᠣᠯᠭ᠎ᠠ ᠶᠢ ᠠᠩᠬ᠎ᠠ ᠤᠳᠠᠭ᠎ᠠ ᠳᠤᠷᠠᠳᠴᠤ᠂ ︽ᠬᠤᠶᠠᠷ ᠴᠢᠬᠤᠯᠠ︾ ᠲᠥᠷᠥᠯ ᠵᠦᠢᠯ ᠪᠠ ︽ᠬᠤᠶᠠᠷ ᠰᠢᠨᠡᠳᠬᠡᠬᠦ︾ | ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠵᠦ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠠᠩ ᠴᠢᠬᠤᠯᠠᠴᠢᠯᠠᠵᠤ | ᠪᠠᠶᠢᠭᠰᠠᠨ ᠠᠴᠠ ᠠᠷᠪᠠᠨ ᠳᠥᠷᠪᠡᠨ ᠵᠢᠯ ᠤᠨ ᠲᠤᠷᠰᠢ ᠠᠩᠬ᠎ᠠ ᠤᠳᠠᠭ᠎ᠠ ᠵᠣᠬᠢᠰᠲᠠᠢ ᠰᠤᠯᠠ ᠴᠢᠯᠦᠬᠡᠳᠡᠢ | ᠵᠣᠭᠤᠰᠤᠨ ᠤ ᠲᠥᠷᠥ ᠶᠢᠨ ᠪᠣᠳᠣᠯᠭ᠎ᠠ ᠪᠣᠯᠭᠠᠨ ᠬᠤᠪᠢᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ | ᠳᠡᠮᠵᠢᠬᠦ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠬᠡᠷᠡᠭᠯᠡᠭᠡ ᠶᠢ ᠶᠡᠭᠡ ᠪᠠᠷ ᠬᠥᠭᠵᠢᠭᠡᠬᠦ᠂ | ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ | ᠠᠬᠢᠭᠤᠯᠬᠤ᠂ ᠨᠡᠶᠢᠭᠡᠮ ᠤᠨ ᠬᠥᠷᠥᠩᠭᠡ ᠶᠢ ᠨᠠᠩ ᠶᠡᠭᠡ ᠡᠷᠴᠢᠮ ᠢᠶᠠᠷ ᠲᠠᠲᠠᠵᠤ ᠦᠢᠯᠡᠰ ᠪᠤᠰᠬᠠᠵᠤ ᠪᠡᠯᠡ | ᠣᠷᠣᠭᠤᠯᠬᠤ ᠳᠤ ᠣᠷᠣᠯᠴᠠᠭᠤᠯᠬᠤ ᠠᠴᠠ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ | ᠳᠡᠯᠭᠡᠭᠦᠷ ᠲᠤ ᠣᠷᠣᠬᠤ ᠬᠤᠷᠢᠭ᠎ᠠ ᠲᠦᠭᠵᠢᠷᠡᠯ ᠢ ᠨᠡᠪᠲᠡᠷᠡᠭᠦᠯᠬᠦ ᠬᠦᠷᠲᠡᠯ᠎ᠡ᠂ ᠤᠶᠠᠨ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ | ᠱᠠᠲᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠬᠦ ᠬᠦᠷᠳᠡᠯ᠎ᠡ ᠁ ᠲᠥᠷᠥ ᠶᠢᠨ ᠪᠣᠳᠣᠯᠭ᠎ᠠ ᠶᠢᠨ ᠬᠠᠨᠳᠤᠰᠢ ᠭᠡᠰᠡᠨ ᠦᠭᠡᠢ᠂ ᠭᠤᠣᠯᠳᠠᠯᠭ᠎ᠠ ᠲᠠᠢ | ᠡᠭᠦᠷᠭᠡ ᠭᠡᠰᠡᠨ ᠦᠭᠡᠢ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠥᠷᠲᠡᠭ ᠤᠨ ᠭᠤᠣᠯ ᠵᠣᠷᠢᠯᠲᠠ ᠶᠢ ᠴᠥᠮ | ᠮᠠᠰᠢ ᠲᠣᠳᠣᠷᠬᠠᠢ ᠪᠣᠯᠭᠠᠭᠰᠠᠨ ᠨᠢ ᠳᠠᠷᠤᠢ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ | ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠲᠥᠷᠥ ᠶᠢᠨ ᠪᠣᠳᠣᠯᠭ᠎ᠠ ᠶᠢᠨ ᠬᠠᠨᠳᠤᠰᠢ ᠠᠴᠠ ᠦᠵᠡᠪᠡᠯ᠂ ᠵᠣᠬᠢᠰᠲᠠᠢ ᠰᠤᠯᠠ ᠪᠠᠶᠢᠯᠭᠠᠬᠤ ᠵᠣᠭᠤᠰᠤᠨ ᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠳᠠᠯ ᠳᠡᠭᠡᠳᠦ ᠬᠡᠮᠵᠢᠶ᠎ᠡ ᠪᠠᠷ ᠬᠦᠮᠦᠰ ᠤᠨ ᠠᠩᠬᠠᠷᠤᠯ ᠢ ᠲᠠᠳᠠᠵᠤ | ᠪᠠᠶᠢᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠦᠨᠳᠦᠰᠦᠨ ᠬᠦᠭ ᠠᠶᠠᠰ ︽ᠯᠠᠪᠳᠠᠭᠤᠨ ᠲᠣᠭᠲᠠᠭᠤᠨ︾ | ᠪᠠᠶᠢᠭᠰᠠᠨ ᠢ ︽ᠵᠣᠬᠢᠰᠲᠠᠢ ᠰᠤᠯᠠ ᠪᠠᠶᠢᠯᠭᠠᠬᠤ︾ ᠪᠣᠯᠭᠠᠨ ᠲᠣᠬᠢᠷᠠᠭᠤᠯᠤᠨ᠎ᠠ᠂ ᠡᠨᠡ ᠪᠣᠯ ᠠᠷᠪᠠᠨ ᠲᠦᠷᠪᠡᠨ | ᠵᠢᠯ ᠤᠨ ᠲᠤᠷᠰᠢᠬᠢ ᠠᠩᠬ᠎ᠠ ᠤᠳᠠᠭ᠎ᠠ᠂ ᠢᠳᠡᠪᠬᠢᠲᠡᠢ ᠲᠣᠳᠣᠷᠬᠠᠢ ᠳᠣᠬᠢᠶ᠎ᠠ ᠶᠢ ᠤᠯᠠᠮ ᠨᠢᠭᠡ ᠠᠯᠬᠤᠮ ᠳᠠᠮᠵᠢᠭᠤᠯᠵᠤ | ᠪᠠᠶᠢᠭ᠎ᠠ ᠶᠠᠪᠤᠳᠠᠯ ᠪᠤᠯᠤᠨ᠎ᠠ᠃ ︽ᠲᠤᠬᠢᠷᠠᠮᠵᠢᠲᠠᠢ ᠦᠶ᠎ᠡ ᠳᠤ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠶᠢ | ᠪᠠᠭᠤᠷᠠᠭᠤᠯᠬᠤ ᠬᠠᠳᠠᠭᠠᠯᠠᠮᠵᠢ ᠪᠤᠯᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ︾ ᠨᠢ | ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ | ᠬᠤᠷᠠᠮᠳᠣᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ | ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠶᠢᠳᠪᠦᠷᠢᠯᠡᠵᠦ᠂ | ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠢ ᠲᠦᠷᠭᠡᠳᠬᠡᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢᠨ | ᠥᠷᠭᠡᠳᠬᠦ ᠶᠢ ᠳᠡᠮᠵᠢᠬᠦ ᠶᠢᠨ ᠲᠥᠯᠥᠭᠡ ᠶᠤᠮ᠃ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ | ᠡᠭᠦᠳᠬᠦ ᠨᠢ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡ ᠶᠢ | ᠲᠣᠭᠲᠠᠭᠤᠨ ᠪᠠᠶᠢᠯᠭᠠᠬᠤ ᠴᠢᠳᠠᠮᠵᠢ ᠶᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠪᠠᠶᠢᠳᠠᠯ ᠢ ᠨᠡᠩ ᠰᠠᠶᠢᠲᠤᠷ ᠬᠠᠮᠠᠭᠠᠯᠠᠬᠤ ᠪᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠬᠤ ᠪᠠ ᠳᠡᠮᠵᠢᠵᠦ ︽ᠲᠠᠪᠤᠨ ᠶᠡᠭᠡ ᠠᠵᠢᠯ︾ ᠢ ᠰᠠᠶᠢᠲᠤᠷ ᠬᠢᠵᠦ᠂ ᠢᠯᠠᠩᠭᠤᠶ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠬᠥᠭᠵᠢᠯᠲᠡ᠂ ᠬᠡᠷᠡᠭᠯᠡᠭᠡ ᠶᠢᠨ ᠮᠥᠩᠭᠦᠨ | ᠭᠦᠢᠯᠭᠡᠭᠡ ᠵᠡᠷᠭᠡ ᠲᠠᠯ᠎ᠠ ᠪᠠᠷ ᠬᠢ ᠳᠡᠮᠵᠢᠯᠭᠡ ᠪᠠᠨ ᠨᠡᠮᠡᠭᠳᠡᠭᠦᠯᠬᠦ ᠨᠢ ᠬᠠᠨᠳᠤᠯᠭᠠᠲᠤ ᠴᠢᠨᠠᠷ᠂ ᠣᠨᠣᠪᠴᠢᠲᠤ ᠴᠢᠨᠠᠷ ᠢ | ᠨᠠᠩ ᠰᠠᠶᠢᠨ ᠢᠯᠡᠷᠡᠭᠦᠯᠵᠦ ᠴᠢᠳᠠᠨ᠎ᠠ᠃ | ᠭᠤᠣᠯᠳᠠᠯᠭ᠎ᠠ ᠲᠠᠢ ᠡᠭᠦᠷᠭᠡ ᠠᠴᠠ ᠦᠵᠡᠪᠡᠯ᠂ ︽ᠬᠡᠷᠡᠭᠯᠡᠭᠡ ᠶᠢ ᠶᠡᠭᠡ ᠪᠠᠷ ᠬᠥᠭᠵᠢᠭᠡᠬᠦ︾ ᠨᠢ ᠬᠡᠷᠡᠭᠯᠡᠭᠡ ᠶᠢᠨ | ᠰᠠᠨᠠᠭᠠᠴᠢᠯᠠᠭᠠᠲᠤ ᠬᠦᠴᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠮᠠᠨ ᠤ ᠤᠯᠤᠰ ᠤᠨ ᠬᠡᠷᠡᠭᠯᠡᠭᠡ ᠶᠢᠨ ᠣᠷᠣᠨ ᠵᠠᠢ ᠥᠷᠭᠡᠨ ᠠᠭᠤᠳᠠᠮ᠂ ᠲᠠᠯᠳᠠ ᠬᠦᠴᠦᠨ ᠯᠤᠲᠤ ᠶᠡᠭᠡ ᠶᠤᠮ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠨ᠂ ︽ᠬᠤᠶᠠᠷ ᠰᠢᠨᠡᠳᠬᠡᠬᠦ︾ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠣᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ ᠪᠠᠶᠢᠳᠠᠯ ᠤᠨ ᠰᠢᠨ᠎ᠡ ᠶᠢ | ᠡᠭᠦᠳᠬᠦ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ ᠪᠠᠷ ᠳᠠᠮᠵᠢᠨ᠂ ᠮᠠᠨ ᠤ | ᠤᠯᠤᠰ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ ᠵᠢᠱᠢᠶᠡᠯᠡᠪᠡᠯ | ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ ᠬᠥᠮᠥᠨ ᠠᠮᠠ 3 ᠳ᠋ᠦᠩᠰᠢᠭᠤᠷ ᠰᠢᠬᠠᠮ ᠪᠠᠶᠢᠵᠤ᠂ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ | ᠨᠠᠰᠤᠵᠢᠯᠳᠠ ᠳᠤ ᠲᠣᠬᠢᠷᠠᠬᠤ ᠨᠠᠩ ᠣᠯᠠᠨ ᠦᠢᠯᠡᠳᠬᠦᠨ ᠤ ᠦᠢᠯᠡᠴᠢᠯᠡᠭᠡ ᠬᠠᠩᠭᠠᠵᠤ᠂ ᠪᠤᠭᠤᠷᠤᠯᠴᠤᠳ ᠤᠨ ᠠᠵᠤ | ᠠᠬᠤᠢ ᠶᠢ ᠬᠥᠭᠵᠢᠭᠦᠯᠬᠦ ᠨᠢ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ | ᠪᠣᠯᠣᠨ᠎ᠠ᠂ ᠡᠨᠡ ᠪᠣᠯ ᠠᠵᠤ ᠠᠬᠤᠢ ᠶᠢᠨ ᠬᠥᠭᠵᠢᠯᠲᠡ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠴᠢᠬᠤᠯᠠ ᠲᠠᠯ᠎ᠠ ᠮᠥᠨ᠃ | ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ | ᠵᠢᠯ ᠪᠣᠯᠣᠨ᠎ᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠢ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ | ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠢ | ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠪᠠᠯ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠳᠡᠶᠢᠯᠬᠦ ᠨᠢ | ᠯᠠᠪᠲᠠᠢ ᠶᠤᠮ᠃ |