ᠬᠦᠴᠦᠯᠡᠨ ᠴᠢᠷᠮᠠᠶᠢᠵᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠰᠦᠭᠡᠢ
ᠨᠡᠶᠢᠲᠡᠯᠡᠭᠰᠡᠨ ᠴᠠᠭ᠄
2025/1/7
    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠥᠭᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠭ᠎ᠠ ᠶᠢ ᠲᠦᠷᠭᠡᠳᠬᠡᠬᠦ ᠳᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠵᠢᠯᠣᠭᠤᠳᠤᠯᠭ᠎ᠠ ᠬᠠᠩᠭᠠᠪᠠ᠃    12 ᠰᠠᠷ᠎ᠠ ᠶᠢᠨ 17 ᠠᠴᠠ 18 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠥᠷᠢᠰᠦᠯᠳᠦᠭᠡᠨ ᠢ ᠭᠦᠨᠵᠡᠭᠡᠢ ᠵᠠᠳᠠᠯᠵᠤ᠂ 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃    ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠪᠠᠶᠢᠳᠠᠯ ᠰᠠᠶᠢᠵᠢᠷᠠᠪᠠᠯ᠂ ᠰᠠᠭᠤᠷᠢ ᠪᠠᠬᠢᠵᠢᠵᠦ᠂ ᠪᠦᠬᠦ ᠲᠠᠯ᠎ᠠ ᠶᠢᠨ ᠰᠠᠨᠠᠭᠠᠴᠢᠯᠠᠭᠠᠳᠤ ᠡᠷᠬᠡ ᠶᠢ ᠤᠯᠤᠨ᠎ᠠ᠃ ᠵᠢᠯ ᠤᠨ ᠡᠬᠢᠨ ᠠᠴᠠ ᠨᠠᠭᠠᠰᠢ᠂ ᠭᠠᠳᠠᠭᠠᠳᠤ ᠣᠷᠴᠢᠨ ᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠤᠯᠠᠰᠢᠷᠠᠵᠤ᠂ ᠪᠠᠶᠢᠳᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠨ᠎ᠠ᠃ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠡᠭᠠᠵᠤ᠂ ᠬᠦᠴᠢᠷ ᠢ ᠰᠥᠷᠦᠨ ᠤᠷᠤᠭᠰᠢᠯᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠶᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠬᠢᠯᠪᠠᠷ ᠪᠤᠰᠤ᠂ ᠬᠥᠮᠥᠰ ᠢ ᠵᠣᠷᠢᠭᠵᠢᠭᠤᠯᠤᠮ᠎ᠠ ᠠᠮᠵᠢᠯᠲᠠ ᠣᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠰᠠᠭᠤᠷᠢ ᠲᠤᠯᠭᠠᠭᠤᠷᠢᠯᠠᠯ ᠬᠠᠩᠭᠠᠪᠠ᠃    ᠠᠮᠤ ᠪᠤᠳᠠᠭᠠᠨ ᠤ ᠦᠢᠯᠡᠳᠪᠦᠷᠢᠯᠡᠯ ᠠᠴᠠ ᠦᠵᠡᠪᠡᠯ᠂ ᠡᠨᠡ ᠵᠢᠯ ᠤᠨ ᠪᠦᠬᠦ ᠤᠯᠤᠰ ᠤᠨ ᠠᠮᠤ ᠪᠤᠳᠠᠭᠠᠨ ᠤ ᠶᠡᠷᠦᠩᠬᠡᠢ ᠤᠨᠠᠯᠲᠠ 14130 ᠳ᠋ᠦᠩᠰᠢᠭᠤᠷ ᠵᠢᠩ ᠳᠤ ᠬᠦᠷᠴᠤ᠂ ᠳᠡᠭᠡᠷ᠎ᠡ ᠵᠢᠯ ᠤᠨ ᠬᠢ ᠠᠴᠠ 222 ᠳ᠋ᠦᠩᠰᠢᠭᠤᠷ ᠵᠢᠩ ᠨᠡᠮᠡᠭᠳᠡᠵᠦ᠂ ᠲᠡᠦᠬᠡᠨ ᠠᠴᠠ ᠨᠠᠭᠠᠰᠢ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠢ ᠳᠠᠪᠠᠵᠠᠢ︔ ᠲᠠᠷᠢᠶᠠᠴᠢᠨ ᠤ ᠣᠷᠣᠯᠭ᠎ᠠ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16740 ᠲᠥᠭᠦᠷᠢᠭ ᠲᠤ ᠬᠦᠷᠴᠦ ᠂ ᠬᠤᠲᠠ ᠪᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠩᠭᠤᠢ ᠵᠥᠷᠢᠶ᠎ᠡ ᠦᠷᠭᠦᠯᠵᠢᠯᠡᠨ ᠪᠠᠭᠠᠰᠴᠤ᠂ ᠥᠷᠭᠡᠨ ᠣᠯᠠᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠴᠢᠩᠭᠠᠷᠠᠵᠠᠢ︔ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠠᠴᠠ ᠦᠵᠡᠪᠡᠯ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢᠳᠡᠷᠡᠭᠦᠨ ᠢᠶᠠᠷ ᠦᠰᠦᠨ ᠪᠤᠶᠢᠵᠢᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠤᠷᠤᠰᠢᠨ ᠰᠠᠭᠤᠷᠢᠰᠢᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠡᠶ᠎ᠡ ᠵᠤᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠵᠤ᠂ ᠬᠥᠳᠡᠭᠡ ᠲᠣᠰᠬᠤᠨ ᠢ ᠠᠮᠤᠷ ᠠᠮᠤᠭᠤᠯᠠᠩ ᠠᠵᠤ ᠲᠦᠷᠦᠭᠦ ᠭᠡᠷ ᠣᠷᠣᠨ ᠪᠣᠯᠭᠠᠪᠠ᠃    ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠨᠢ ᠠᠷᠠᠳ ᠤᠨ ᠰᠡᠳᠬᠢᠯ ᠢ ᠲᠠᠶᠢᠪᠤᠰᠢᠷᠠᠭᠤᠯᠬᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ ᠦᠢᠯᠡᠳᠦᠯ ᠢ ᠪᠠᠳᠠᠷᠠᠭᠤᠯᠪᠠ᠃ ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠦᠨᠳᠦᠰᠦᠨ ᠪᠣᠳᠣᠯᠭ᠎ᠠ ᠴᠢᠭᠯᠡᠯᠲᠡ ᠪᠣᠯ ᠪᠦᠷᠢᠮᠦᠰᠦᠨ ᠵᠥᠪ ᠶᠤᠮ᠂ ᠰᠢᠨ᠎ᠡ ᠴᠠᠭ ᠦᠶ᠎ᠡ ᠰᠢᠨ᠎ᠡ ᠠᠶᠠᠨ ᠳᠤ ᠲᠠᠷᠢᠶᠠᠯᠠᠩ ᠢ ᠴᠢᠬᠤᠯᠠᠴᠢᠯᠠᠵᠤ ᠲᠠᠷᠢᠶᠠᠯᠠᠩ ᠢ ᠬᠦᠴᠦᠷᠬᠡᠭᠵᠢᠭᠦᠯᠬᠦ ᠬᠥᠪᠴᠢ ᠶᠢ ᠬᠡᠵᠢᠶ᠎ᠡ ᠴᠦ ᠰᠤᠯᠠᠷᠠᠭᠤᠯᠵᠤ ᠪᠣᠯᠬᠤ ᠦᠭᠡᠢ᠃    ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠢᠷᠡᠬᠦ ᠵᠢᠯ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠳᠡ ᠳᠤ ᠮᠥᠨ ᠯᠡ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃ ᠠᠵᠤ ᠠᠬᠤᠢ ᠶᠢᠨ ᠪᠠᠶᠢᠳᠠᠯ ᠤᠯᠠᠮ ᠪᠤᠳᠤᠯᠢᠶᠠᠨᠲᠠᠢ ᠪᠣᠯᠬᠤ ᠲᠤᠲᠤᠮ ︽ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠪᠠᠶᠢᠳᠠᠯ ᠢ ᠤᠯᠠᠮ ᠲᠣᠭᠲᠠᠪᠤᠷᠢᠵᠢᠭᠤᠯᠬᠤ ᠬᠡᠷᠡᠭᠲᠡᠢ᠃ ᠪᠢᠳᠡ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠦᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃    ᠬᠦᠳᠡᠭᠡ ᠠᠵᠤ ᠠᠬᠤᠢ ᠲᠤᠬᠳᠠᠭᠤᠨ ᠪᠤᠯᠪᠠᠰᠤ ᠤᠯᠤᠰ ᠭᠦᠷᠦᠨ ᠲᠣᠭᠲᠠᠭᠤᠨ ᠪᠤᠯᠠᠢ᠂ ᠠᠮᠤ ᠪᠤᠳᠠᠭ᠎ᠠ ᠠᠮᠤᠷ ᠲᠦᠪᠰᠢᠨ ᠪᠤᠯᠪᠠᠰᠤ ᠳᠡᠯᠡᠬᠡᠢ ᠳ᠋ᠠᠬᠢᠨ ᠠᠮᠤᠷ ᠲᠦᠪᠰᠢᠨ ᠪᠤᠯᠠᠢ᠃ ᠠᠮᠤ ᠲᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠬᠤ ᠠᠴᠠ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠦᠷᠲᠡᠯ᠎ᠡ᠂ ᠲᠠᠬᠢᠭᠠᠳ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠬᠤ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠬᠤ ᠬᠦᠷᠲᠡᠯ᠎ᠡ᠂ ᠬᠤᠷᠠᠯ ᠠᠴᠠ ᠢᠷᠡᠬᠦ ᠵᠢᠯ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠠᠶᠢᠷᠢᠯᠠᠭᠤᠯᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠶᠢ ᠲᠦᠷᠦᠬᠦᠨ ᠳᠤ ᠲᠠᠯᠪᠢᠬᠰᠠᠨ ᠨᠢ ᠳᠠᠷᠤᠢ ᠠᠮᠤ ᠪᠤᠳᠠᠭᠠᠨ ᠤ ᠠᠮᠤᠷ ᠲᠦᠪᠰᠢᠨ ᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠦ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ︾ ᠶᠢ ᠦᠨᠡᠨ ᠬᠦ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠨᠡᠩ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠤᠷᠢᠭ᠎ᠠ ᠱᠤᠭᠤᠮ ᠤᠨ ᠡᠭᠦᠷᠭᠡ ᠮᠥᠨ᠃ ᠬᠤᠷᠠᠯ ᠠᠴᠠ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠪᠣᠯᠣᠨ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ ᠤ ᠲᠠᠰ ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠵᠡᠷᠭᠡ ᠶᠢ ᠨᠢᠭᠡᠳᠦᠯᠲᠡᠢ ᠲᠥᠯᠥᠪᠵᠢᠬᠦᠯᠤᠨ ᠪᠠᠶᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠲᠣᠪᠤᠶᠢᠮ᠎ᠠ ᠠᠰᠠᠭᠤᠳᠠᠯ ᠢ ᠰᠶᠢᠳᠪᠦᠷᠢᠯᠡᠭᠰᠡᠨ ᠪᠦᠭᠡᠳ ᠠᠯᠤᠰ ᠬᠡᠲᠦ ᠶᠢ ᠪᠣᠳᠣᠯᠬᠢᠯᠠᠨ᠂ ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠲᠠᠯᠪᠢᠭᠰᠠᠨ ᠪᠠᠶᠢᠨ᠎ᠠ᠃ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃    ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠡᠬᠢ ᠪᠤᠯᠠᠭ ᠮᠥᠨ᠂ ᠨᠡᠩ ᠴᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠮᠥᠨ᠃ ᠬᠤᠷᠠᠯ ᠠᠴᠠ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠣᠭᠤᠷᠢᠨ ᠳᠤ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠠᠢ᠃ ᠠᠵᠢᠯ ᠤᠨ ᠭᠤᠣᠯᠳᠠᠯᠭ᠎ᠠ ᠶᠢ ᠠᠳᠬᠤᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠦᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠵᠤ᠂ ᠲᠠᠷᠢᠶᠠᠴᠢᠳ ᠲᠤ ︽ᠠᠯᠳᠠᠨ ᠳᠠᠮᠨᠠᠭᠤᠷ︾ ᠳᠠᠮᠨᠠᠭᠤᠯᠬᠤ ᠬᠡᠷᠡᠭᠲᠡᠢ᠃ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠬᠦ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠬᠦ ᠵᠡᠷᠭᠡ ᠲᠠᠯ᠎ᠠ ᠪᠠᠷ ᠪᠣᠳᠠᠲᠤ ᠬᠦᠴᠦᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠴᠣᠭᠴᠠᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃    ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠳᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠰᠢᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠮᠡᠭᠡᠶᠢᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠷᠳᠤ ᠤᠳᠠᠭᠠᠨ ᠳᠤ ᠭᠠᠪᠢᠶ᠎ᠡ ᠪᠠᠶᠢᠭᠤᠯᠤᠨ᠂ ᠬᠥᠳᠡᠭᠡ ᠠᠵᠤ ᠠᠬᠤᠢ ᠶᠢᠨ ᠰᠠᠭᠤᠷᠢ ᠨᠡᠩ ᠪᠠᠬᠢᠵᠢᠵᠤ᠂ ᠬᠥᠳᠡᠭᠡ ᠲᠣᠰᠬᠤᠨ ᠨᠡᠩ ᠴᠡᠴᠡᠭᠯᠡᠨ ᠬᠥᠭᠵᠢᠵᠤ᠂ ᠲᠠᠷᠢᠶᠠᠴᠢᠳ ᠤᠨ ᠠᠮᠢᠳᠤᠷᠠᠯ ᠨᠡᠩ ᠦᠭᠡᠳᠡ ᠡᠰᠡᠷᠡᠭ ᠪᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号