ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2025/1/7
    ᠵᠠᠩᠭᠢᠯᠠᠭ᠎ᠠ ᠶᠢᠨ ᠵᠢᠯ ᠤᠨ ᠵᠠᠩᠭᠢᠯᠠᠭ᠎ᠠ ᠶᠢᠨ ᠪᠠᠶᠢᠷᠢᠯᠠᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ  ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠶᠡᠭᠡ ᠬᠠᠨᠳᠤᠰᠢ ᠶᠢ ᠡᠵᠡᠮᠳᠡᠵᠤ᠂ ᠶᠡᠭᠡ ᠶᠠᠪᠤᠳᠠᠯ ᠢ ᠲᠦᠯᠦᠪᠵᠢᠭᠦᠯᠵᠤ᠂ 2025 ᠣᠨ ᠳᠤ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠠ ᠭᠡᠵᠤ ᠴᠢᠬᠤᠯᠠᠴᠢᠯᠠᠪᠠ᠃ ᠡᠭᠦᠨ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠨᠢ ︽ᠵᠢᠷᠭᠤᠭᠠᠨ ᠠᠵᠢᠯᠯᠠᠭ᠎ᠠ︾ ᠶᠢᠨ ᠨᠢᠭᠡᠳᠦᠭᠡᠷ ᠠᠵᠢᠯᠯᠠᠭ᠎ᠠ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠬᠥᠭᠵᠢᠯᠲᠡ ᠶᠢ ᠬᠦᠳᠦᠯᠥᠨ ᠳᠠᠭᠠᠭᠤᠯᠬᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠤᠷᠠᠮᠳᠤᠭᠤᠯᠬᠤ ᠪᠠ ᠴᠢᠩᠭᠠᠳᠬᠠᠬᠤ ᠴᠢᠬᠤᠯᠠ ᠡᠭᠦᠷᠭᠡ ᠶᠢ ᠠᠴᠢᠶᠠᠯᠠᠵᠤ ᠪᠠᠶᠢᠲᠠᠬ᠃    ᠴᠢᠬᠤᠯᠠ ᠶᠡᠭᠡ ᠲᠦᠷᠦᠯ ᠵᠦᠢᠯ ᠪᠣᠯ ᠨᠡᠮᠡᠭᠳᠡᠯ ᠤᠨ ︽ᠲᠤᠭᠳᠠᠪᠤᠷᠢᠵᠢᠭᠤᠯᠤᠭᠴᠢ︾ ᠪᠣᠯᠤᠨ᠎ᠠ᠂ ᠪᠠᠰᠠ ᠴᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠤᠨ᠎ᠠ᠃ ᠥᠪᠥᠷ ᠮᠣᠩᠭᠤᠯ ᠤᠨ ᠠᠵᠤ ᠠᠬᠤᠶ ᠶᠢᠨ ᠨᠡᠮᠡᠭᠳᠡᠯ ᠭᠤᠤᠯᠳᠠᠭᠤ ᠪᠠᠯᠠ ᠣᠷᠣᠭᠤᠯᠤᠯᠲᠠ ᠳᠤ ᠲᠦᠰᠢᠭᠯᠡᠵᠦ᠂ ᠪᠠᠯᠠ ᠣᠷᠣᠭᠤᠯᠤᠯᠲᠠ ᠭᠤᠤᠯᠳᠠᠭᠤ ᠲᠥᠷᠥᠯ ᠵᠦᠢᠯ ᠳᠤ ᠲᠦᠰᠢᠭᠯᠡᠨ᠎ᠡ᠃ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠵᠤ ᠥᠷᠨᠢᠭᠦᠯᠬᠦ ᠳᠤ᠂ ᠨᠢᠭᠡᠳᠦᠭᠡᠷ ᠨᠢ ᠳᠠᠷᠤᠢ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠤᠨ᠎ᠠ᠂ ᠡᠨᠡ ᠪᠣᠯ ᠲᠦᠢᠯ ᠤᠨ ᠴᠢᠬᠤᠯᠠ ᠠᠵᠢᠯ ᠤᠨ ᠭᠠᠷᠳᠠᠴᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠳᠠᠷᠤᠶ ᠲᠦᠷᠭᠡᠨ ᠨᠢᠭᠡᠳᠭᠡᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠣᠯᠭᠠᠮ᠎ᠠ ᠴᠢᠨᠠᠷ ᠢ ᠭᠦᠢᠴᠡᠳ ᠲᠠᠨᠢᠵᠤ᠂ ᠲᠣᠭᠲᠠᠭᠰᠠᠨ ᠪᠠᠶᠢᠷᠢᠯᠠᠭᠤᠯᠤᠯᠲᠠ ᠳᠤ ᠦᠷᠭᠦᠯᠵᠢᠯᠡᠨ ᠬᠦᠴᠦᠯᠡᠵᠦ᠂ ᠴᠢᠬᠤᠯᠠ ᠶᠡᠭᠡ ᠲᠥᠷᠥᠯ ᠵᠦᠢᠯ ᠢ ᠲᠡᠷᠡ ᠶᠣᠰᠣᠭᠠᠷ ᠨᠢ ᠰᠠᠶᠢᠲᠤᠷ ᠲᠦᠯᠦᠪᠯᠡᠵᠤ ᠰᠠᠶᠢᠲᠤᠷ ᠪᠡᠯᠡᠳᠭᠡᠨ ᠰᠠᠶᠢᠲᠤᠷ ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠨᠥᠭᠡᠴᠡ ᠬᠦᠴᠦᠨ ᠢ ᠭᠦᠢᠴᠡᠳ ᠨᠥᠭᠡᠴᠡᠯᠡᠬᠦ ᠬᠡᠷᠡᠭᠲᠡᠶ᠃    ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠤᠷᠢᠲᠠᠯ ᠪᠣᠯ ᠨᠦᠬᠡᠴᠡ ᠶᠢ ᠭᠦᠢᠴᠡᠳ ᠪᠠᠶᠢᠯᠭᠠᠬᠤ ᠶᠠᠪᠤᠳᠠᠯ ᠪᠣᠯᠤᠨ᠎ᠠ᠃ ᠶᠡᠭᠡ ᠲᠦᠷᠦᠯ ᠵᠦᠢᠯ ᠢ ᠶᠡᠭᠡ ᠪᠠᠷ ᠬᠥᠭᠵᠢᠭᠦᠯᠵᠦ᠂ ᠤᠯᠠᠨ ᠲᠦᠷᠦᠯ ᠵᠦᠢᠯ ᠢ ᠲᠦᠷᠭᠡᠨ ᠬᠥᠭᠵᠢᠭᠦᠯᠬᠦ ᠪᠣᠯ ᠦᠢᠯᠡᠳᠦᠯᠭᠡ ᠪᠠᠷ ᠭᠡᠷᠡᠴᠢᠯᠡᠭᠳᠡᠭᠰᠡᠨ ᠠᠮᠵᠢᠯᠲᠠ ᠲᠠᠢ ᠲᠤᠷᠰᠢᠯᠭ᠎ᠠ ᠮᠥᠨ᠃ ᠪᠥᠬᠦ ᠣᠷᠣᠨ ᠤ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠤᠨ ᠠᠯᠢ ᠣᠯᠠᠨ ᠠᠰᠢᠭᠲᠠᠶ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠶᠢᠨ ᠬᠤᠭᠤᠴᠠᠭ᠎ᠠ ᠶᠢ ᠠᠳᠬᠤᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ᠡᠯ᠎ᠡ ᠶᠠᠮᠤᠨ ᠵᠥᠪᠯᠡᠯ ᠤᠨ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠭᠦᠢᠴᠡᠳ ᠠᠰᠢᠭᠯᠠᠵᠤ᠂ ᠨᠥᠭᠡᠴᠡᠯᠡᠬᠦ ᠬᠥᠮᠥᠷᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠶᠡᠷᠦᠩᠬᠡᠶ ᠬᠡᠪᠴᠢᠶ᠎ᠡ ᠶᠢ ᠥᠷᠭᠡᠳᠭᠡᠬᠦ ᠬᠡᠷᠡᠭᠲᠡᠶ᠃ ᠤᠯᠤᠰ ᠠᠴᠠ ᠶᠠᠭᠤ ᠶᠢ ᠵᠣᠷᠢᠭᠵᠢᠭᠤᠯᠬᠤ᠂ ᠥᠪᠡᠷᠲᠡᠭᠡᠨ ᠵᠠᠰᠠᠬᠤ ᠣᠷᠣᠨ ᠳᠤ ᠶᠠᠭᠤ ᠪᠠᠴᠢᠮ ᠳᠤᠲᠠᠭᠳᠠᠵᠤ ᠪᠠᠶᠢᠬᠤ᠂ ᠵᠠᠬ᠎ᠠ ᠳᠡᠯᠭᠡᠭᠦᠷ ᠲᠤ ᠶᠠᠮᠠᠷ ᠬᠡᠷᠡᠭᠴᠡᠭᠡ ᠲᠠᠢ ᠪᠠᠶᠢᠬᠤ ᠶᠢ ᠰᠤᠳᠤᠯᠤᠨ ᠲᠣᠳᠣᠷᠬᠠᠶᠢᠯᠠᠵᠤ᠂ ᠰᠢᠨ᠎ᠡ ᠡᠨᠧᠷᠭᠢ ᠶᠢᠨ ᠪᠦᠳᠦᠬᠡᠨ ᠪᠠᠶᠢᠭᠤᠯᠤᠯᠲᠠ ᠪᠣᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠵᠡᠷᠭᠡ ᠲᠣᠭᠤᠷᠢᠨ ᠳᠤ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠳᠦᠷᠦᠯ ᠵᠦᠢᠯ ᠤᠨ ᠨᠥᠭᠡᠴᠡ ᠶᠢᠨ ᠣᠨᠣᠪᠴᠢᠲᠤ ᠴᠢᠨᠠᠷ ᠪᠣᠯᠤᠨ ᠪᠦᠳᠦᠮᠵᠢᠳᠤ ᠴᠢᠨᠠᠷ ᠢ ᠴᠢᠩᠭᠠᠳᠬᠠᠬᠤ ᠬᠡᠷᠡᠭᠲᠡᠢ᠃    ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠤ ᠵᠠᠩᠭᠢᠯᠠᠭ᠎ᠠ ᠨᠢ ᠪᠠᠰᠠ ᠡᠷᠲᠡᠬᠡᠨ ᠵᠠᠪᠳᠤᠨ ᠲᠦᠷᠭᠡᠨ ᠬᠥᠳᠡᠯᠭᠡᠬᠦ ᠳᠤ ᠪᠠᠶᠢᠨ᠎ᠠ᠃ ᠡᠨᠡ ᠵᠢᠯ ᠮᠠᠨ ᠤ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠣᠯᠤᠭᠰᠠᠨ ᠨᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠥᠨᠳᠥᠷ ᠠᠴᠠ ᠪᠣᠯᠤᠭᠰᠠᠨ ᠶᠤᠮ᠃ ᠢᠷᠡᠬᠦ ᠵᠢᠯ ᠳᠤ ᠠᠵᠢᠯ ᠡᠬᠢᠯᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠪᠠᠲᠤᠯᠠᠵᠤ᠂ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠭᠡᠨ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠠᠳᠬᠤᠨ᠂ ᠭᠠᠵᠠᠷ ᠰᠢᠷᠣᠶ᠂ ᠪᠠᠯᠠ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠨᠢᠭᠡ ᠨᠢ ᠪᠣᠯᠪᠠᠰᠤᠷᠠᠩᠭᠤᠶ ᠪᠣᠯᠪᠠᠯ ᠨᠢᠭᠡ ᠶᠢ ᠭᠤᠶᠤᠴᠢᠯᠡᠨ ᠮᠡᠳᠡᠭᠦᠯᠵᠦ᠂ ᠨᠢᠭᠡ ᠶᠢ ᠨᠢ ᠴᠣᠬᠤᠯᠠᠪᠤᠷᠢᠯᠠᠪᠡᠯ ᠨᠢᠭᠡ ᠶᠢ ᠨᠢ ᠠᠵᠢᠯ ᠡᠬᠢᠯᠡᠭᠦᠯᠬᠦ ᠬᠡᠷᠡᠭᠲᠡᠶ᠃ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠪᠠᠯ ᠰᠠᠶ᠋ᠢ ᠦᠢᠯᠡᠳᠪᠦᠷᠢᠯᠡᠯ ᠤᠨ ᠬᠦᠴᠦᠨ ᠢ ᠡᠷᠲᠡᠬᠡᠨ ᠪᠤᠢ ᠪᠣᠯᠭᠠᠵᠤ ᠂ ᠨᠡᠮᠡᠭᠳᠡᠯ ᠦᠷᠳᠡᠭ ᠢ ᠳᠡᠭᠡᠭᠰᠢᠯᠡᠭᠦᠯᠦᠨ᠂ GDP ᠶᠢ ᠲᠠᠶᠢᠴᠢᠯᠠᠵᠤ ᠴᠢᠳᠠᠨ᠎ᠠ᠂ ᠨᠠᠵᠠᠭᠠᠢ ᠪᠠᠷ ᠠᠵᠢᠭᠯᠠᠬᠤ ᠪᠤᠶᠤ ᠡᠬᠢ ᠪᠠᠶᠠᠯᠢᠭ ᠢ ᠬᠦᠷᠢᠶᠡᠯᠡᠨ ᠡᠵᠡᠯᠡᠵᠦ ᠵᠠᠪᠰᠢᠨ ᠳᠠᠯᠢᠮᠳᠠᠭᠤᠯᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠡᠬᠢ ᠪᠠᠶᠠᠯᠢᠭ ᠢ ᠰᠤᠯᠠ ᠲᠠᠯᠪᠢᠬᠤ ᠪᠠ ᠪᠦᠷᠢᠯᠭᠡᠨ ᠰᠦᠢᠳᠭᠡᠬᠦ ᠠᠴᠠ ᠵᠠᠶᠢᠯᠠᠰᠭᠢᠬᠦ ᠬᠡᠷᠡᠭᠲᠡᠢ᠃ ᠲᠥᠷᠥᠯ ᠵᠦᠢᠯ ᠢ ᠬᠤᠷᠳᠤᠨ ᠪᠠᠶᠢᠭᠤᠯᠤᠶ᠎ᠠ ᠭᠡᠪᠡᠯ᠂ ᠪᠡᠯᠡ ᠮᠥᠩᠭᠦ ᠵᠠᠪᠠᠯ ᠳᠠᠭᠠᠵᠤ ᠠᠮᠵᠢᠬᠤ ᠬᠡᠷᠡᠭᠲᠡᠶ᠃ ᠲᠥᠪ ᠤᠨ ᠰᠢᠯᠵᠢᠭᠦᠯᠦᠨ ᠲᠤᠭᠠᠴᠠᠭ᠎ᠠ ᠬᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠮᠦᠡᠭᠭᠦ ᠤᠷᠤᠭᠤᠯᠤᠨ ᠠᠪᠴᠢᠷᠠᠬᠤ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠦᠷᠦᠯ ᠵᠦᠢᠯ ᠢ ᠤᠷᠤᠭᠰᠢᠲᠠᠢ ᠡᠬᠢᠯᠡᠭᠦᠯᠵᠦ᠂ ᠲᠦᠷᠭᠡᠨ ᠬᠦᠳᠡᠯᠭᠡᠬᠦ ᠳᠤ ᠬᠦᠴᠤᠨ ᠨᠠᠮᠠᠷᠢᠯᠡᠬᠦ ᠬᠡᠷᠡᠭᠲᠡᠢ᠃    ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠲᠦᠯᠦᠪᠵᠢᠬᠦᠯᠵᠦ ᠪᠠᠶᠢᠭ᠎ᠠ ᠶᠠᠪᠤᠳᠠᠯ ᠮᠥᠨ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ᠂ ᠥᠴᠦᠬᠡᠨ ᠴᠦ ᠬᠤᠯᠢᠴᠠ ᠲᠠᠢ ᠪᠠᠶᠢᠵᠤ ᠪᠣᠯᠬᠤ ᠦᠭᠡᠢ᠃ ᠪᠦᠬᠦ ᠣᠷᠣᠨ ᠳᠠᠶᠠᠭᠠᠷ ᠢᠮᠠᠭᠲᠠ ᠬᠠᠷᠠᠯᠲᠠ ᠪᠠᠷ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠢᠭᠡ ᠰᠡᠳᠭᠢᠯ ᠨᠢᠭᠡ ᠵᠣᠷᠢᠭ ᠢᠶᠠᠷ ᠲᠦᠷᠦᠯ ᠵᠦᠢᠯ ᠢ ᠰᠦᠪᠡᠭᠴᠢᠯᠡᠵᠦ᠂ ᠴᠤᠴᠠᠯᠳᠠ ᠦᠭᠡᠢ ᠪᠠᠷ ᠲᠦᠷᠦᠯ ᠵᠦᠢᠯ ᠢ ᠭᠤᠶᠤᠴᠢᠯᠠᠨ᠂ ᠨᠢᠭᠡ ᠯᠡ ᠠᠮᠢᠰᠬᠤᠭ᠎ᠠ ᠪᠠᠷ ᠲᠦᠷᠦᠯ ᠵᠦᠢᠯ ᠢ ᠪᠦᠳᠦᠭᠡᠨ ᠪᠠᠶᠢᠭᠤᠯᠵᠤ᠂ ᠲᠦᠷᠦᠯ ᠵᠦᠢᠯ ᠢ ᠡᠴᠤᠰ ᠲᠤᠨᠢ ᠲᠤᠯᠳᠠᠯ᠎ᠠ ᠠᠳᠬᠤᠵᠤ᠂ ᠪᠤᠳᠠᠳᠠᠢ ᠠᠵᠢᠯᠯᠡᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠢ ᠰᠠᠶᠢᠲᠤᠷ ᠬᠡᠷᠡᠭᠵᠢᠭᠦᠯᠵᠦ᠂ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠰᠢᠯᠭᠠᠯᠲᠠ ᠶᠢᠨ ᠰᠡᠳᠦᠪ ᠢ ᠰᠠᠶᠢᠲᠤᠷ ᠬᠠᠷᠢᠭᠤᠯᠵᠤ᠂ ᠡᠬᠡ ᠤᠯᠤᠰ ᠤᠨ ᠤᠮᠠᠷᠠᠲᠤ ᠶᠢᠨ ᠨᠡᠩ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号