ᠪᠤᠳᠠᠳᠠᠢ ᠠᠵᠢᠯᠯᠠᠨ ᠴᠢᠨᠠᠷ ᠰᠠᠶᠢᠲᠠᠢ ᠬᠦᠭᠵᠢᠯᠲᠠ ᠶᠢᠨ ᠰᠢᠨ᠎ᠡ ᠪᠠᠶᠢᠳᠠᠯ ᠢ ᠡᠬᠦᠳᠦᠨ᠎ᠡ
ᠨᠡᠶᠢᠲᠡᠯᠡᠭᠰᠡᠨ ᠴᠠᠭ᠄
2025/1/8
    12 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠤᠢᠢᠷ᠎ᠠ ᠶᠢᠨ ᠡᠳᠦᠷ ᠤᠳ ᠲᠤ᠂ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠣᠪᠴᠢᠶ᠎ᠠ ᠵᠡᠷᠭᠡ ᠰᠠᠯᠠᠭ᠎ᠠ ᠮᠥᠴᠢᠷ ᠢᠳᠡᠪᠬᠢᠲᠡᠢ ᠪᠠᠷ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠲᠣᠭᠲᠠᠭᠰᠠᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠨ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠢᠯᠡᠳᠭᠡᠵᠡᠭᠡᠪᠡ᠃     ᠲᠦᠷᠦᠯ ᠵᠦᠢᠯ ᠪᠣᠯ ᠬᠥᠭᠵᠢᠯᠲᠡ ᠶᠢᠨ ᠰᠠᠭᠤᠷᠢ ᠮᠥᠨ᠂ ︽ᠵᠢᠷᠭᠤᠭᠠᠨ ᠠᠵᠢᠯᠯᠠᠭ᠎ᠠ︾ ᠶᠢᠨ ᠨᠢᠭᠡᠳᠦᠭᠡᠷ ᠠᠵᠢᠯᠯᠠᠭ᠎ᠠ ᠪᠣᠯ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠤᠨ᠎ᠠ᠃ 2024 ᠣᠨ ᠢ ᠡᠷᠭᠢᠴᠡᠭᠦᠯᠬᠦᠶ᠎ᠡ᠂ ᠠᠯᠠᠱᠠ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠢᠳᠡᠪᠬᠢᠲᠡᠶ ᠠᠬᠢᠯᠲᠠ ᠲᠠᠢ ᠪᠣᠯᠵᠣ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ᠂ ᠪᠠᠯᠠ ᠣᠷᠣᠭᠤᠯᠤᠯᠲᠠ ᠶᠢᠨ ᠲᠤᠭ᠎ᠠ᠂ ᠪᠠᠯᠠ ᠮᠥᠩᠭᠦ ᠶᠢ ᠲᠡᠮᠡᠴᠡᠨ ᠣᠯᠤᠭᠰᠠᠨ ᠲᠤᠭ᠎ᠠ ᠪᠥᠬᠦ ᠲᠠᠯ᠎ᠠ ᠪᠠᠷ ᠨᠡᠮᠡᠭᠳᠡᠪᠡ᠃ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠬᠠᠢ ᠮᠢᠩ᠂ 2025 ᠣᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢᠨ ᠲᠣᠭᠤᠷᠢᠨ ᠳᠤ᠂ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢ ᠭᠠᠳᠠᠭᠰᠢ ᠭᠠᠷᠭᠠᠬᠤ ᠪᠠ ᠴᠡᠪᠡᠷ ᠡᠨᠧᠷᠭᠢ ᠶᠢ ᠰᠢᠩᠭᠡᠭᠡᠬᠦ ᠰᠠᠭᠤᠷᠢᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨ᠎ᠡ ᠡᠨᠧᠷᠭᠢ ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ ᠬᠡᠷᠡᠭᠯᠡᠬᠦ᠂ ᠪᠦᠯᠦᠭᠵᠢᠭᠦᠯᠦᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠹᠯᠣᠷ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠳᠡᠮᠵᠢᠵᠦ᠂ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ ᠣᠲᠣ ᠦᠶ᠎ᠡ ᠶᠢᠨ ᠠᠵᠤ ᠦᠢᠯᠡᠰ ᠤᠨ ᠲᠤᠬᠳᠠᠯᠴᠠᠭ᠎ᠠ ᠶᠢ ᠲᠠᠰᠤᠷᠠᠯᠲᠠ ᠥᠬᠡᠶ ᠪᠠᠶᠢᠭᠤᠯᠤᠨ᠎ᠠ᠃ ᠡᠭᠦᠨ ᠤ ᠬᠠᠮᠲᠤ᠂ ︽ᠬᠤᠶᠠᠷ ᠴᠢᠬᠤᠯᠠ︾ ︽ᠬᠤᠶᠠᠷ ᠰᠢᠨ᠎ᠡ︾ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢᠨ ᠵᠠᠩᠬᠢᠯᠠᠭ᠎ᠠ ᠶᠢᠨ ᠬᠤᠭᠤᠴᠠᠭ᠎ᠠ ᠶᠢ ᠪᠠᠲᠤ ᠡᠵᠡᠮᠳᠡᠬᠦ ᠶᠢᠨ ᠬᠠᠮᠲᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ᠂ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠠᠴᠠ ᠳᠠᠪᠠᠭᠰᠠᠨ ᠵᠡᠷᠭᠡ ᠳᠡᠮᠵᠢᠯᠭᠡ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠡᠵᠡᠮᠳᠡᠵᠦ᠂ ᠰᠠᠭᠤᠷᠢ ᠲᠦᠬᠦᠭᠡᠷᠦᠮᠵᠢ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠠᠶᠢᠴᠢᠯᠠᠬᠤ ᠴᠢᠨᠠᠷ ᠢᠶᠠᠷ ᠴᠢᠩᠭ᠎ᠠ᠂ ᠣᠯᠠᠨ ᠲᠦᠮᠡᠨ ᠤ ᠬᠦᠰᠡᠯ ᠡᠷᠡᠮᠡᠯᠵᠡᠯ ᠥᠨᠳᠥᠷ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠦᠨᠡᠨ ᠬᠦ ᠬᠥᠭᠵᠢᠯᠲᠡ ᠶᠢᠨ ᠳᠠᠯᠳᠠ ᠬᠦᠴᠦᠨ ᠪᠣᠯᠭᠠᠨ ᠬᠤᠪᠢᠷᠠᠭᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠤᠷᠤᠭᠰᠢᠯᠠᠯᠲᠠ︾ ᠪᠠᠷ ᠠᠵᠤ ᠠᠬᠤᠶ ᠶᠢᠨ ᠬᠥᠭᠵᠢᠯᠲᠡ ᠶᠢᠨ ︽ᠲᠣᠭᠲᠠᠭᠤᠨ︾ ᠢ ᠲᠤᠯᠭᠠᠭᠤᠷᠢᠯᠠᠬᠤ ᠶᠢ ᠪᠠᠷᠢᠮᠲᠠᠯᠠᠨ᠂ ᠭᠠᠵᠠᠷ ᠰᠢᠷᠣᠶ᠂ ᠪᠠᠯᠠ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ 2025 ᠣᠨ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠣᠭᠲᠠᠭᠤᠨ ᠢᠶᠠᠷ ᠨᠡᠮᠡᠭᠳᠡᠬᠦ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ ᠢᠯᠡᠳᠭᠡᠪᠡ᠃    ᠪᠥᠬᠦᠳᠡ ᠬᠤᠷᠠᠯ ᠠᠴᠠ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠪᠣᠯᠤᠨ ᠬᠥᠬᠡ ᠣᠭᠲᠠᠷᠭᠤᠶ ᠬᠥᠬᠡᠮᠳᠦᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠤ ᠱᠠᠭᠠᠷᠳᠠᠬᠰᠠᠨ ᠪᠠᠶᠢᠨ᠎ᠡ᠃ ᠠᠯᠠᠱᠠ ᠬᠡᠷᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠠᠯᠠᠱᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠲᠥᠪᠰᠢᠨ᠄ ︽ᠤᠯᠤᠰ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ︿ᠤᠮᠠᠷᠠᠲᠤ ᠶᠢᠨ ᠭᠤᠷᠪᠠᠨ ᠤᠷᠤᠨ﹀ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠯᠥᠪᠵᠢᠭᠦᠯᠭᠡ ᠶᠢᠨ ᠲᠣᠭᠲᠠᠭᠠᠯ ᠢ ᠦᠨᠳᠦᠰᠦᠯᠡᠨ᠂ ᠪᠠᠳᠠᠶ ᠶᠢᠨ ᠵᠢᠷᠠᠨ᠂ ᠲᠩᠷᠢ ᠡᠯᠡᠰᠦ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠴᠥᠯ ᠤᠨ ᠬᠥᠪᠡᠭᠡ ᠵᠠᠬ᠎ᠠ ᠶᠢᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠵᠤ᠂ ︿ᠤᠮᠠᠷᠠᠲᠤ ᠶᠢᠨ ᠭᠤᠷᠪᠠᠨ ᠤᠷᠤᠨ﹀ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠲᠥᠷᠥᠯ ᠵᠦᠢᠯ᠂ ︽ᠭᠤᠷᠪᠠᠨ ᠬᠥᠨᠳᠡᠯᠡᠨ ᠭᠤᠷᠪᠠᠨ ᠭᠤᠯᠳᠤ︾ ᠡᠯᠡᠰᠦ ᠮᠠᠩᠬ᠎ᠠ ᠶᠢ ᠰᠡᠷᠭᠡᠶᠢᠯᠡᠬᠦ ᠣᠢ ᠰᠢᠭᠤᠶ ᠨᠣᠳᠤᠭ ᠪᠡᠯᠴᠢᠭᠡᠷ ᠢ ᠪᠢᠲᠡᠭᠦᠮᠵᠢᠯᠡᠬᠦ ᠪᠦᠰᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠠ᠂ ᠮᠠᠨ ᠤ ᠤᠯᠤᠰ ᠤᠨ ᠤᠮᠠᠷᠠᠲᠤ ᠶᠢᠨ  ᠡᠯᠡᠰᠦᠷᠭᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠬᠠᠲᠤᠨ ᠭᠤᠤᠯ ᠤᠨ ︿ᠶᠡᠭᠡ ᠲᠤᠬᠤᠢ﹀ ᠶᠢᠨ ᠤᠷᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠾᠧᠰᠢ ᠶᠢᠨ ᠬᠤᠩᠭᠢᠯ ᠳᠠᠺᠠᠯᠠᠮᠠ ᠡᠯᠡᠰᠦᠨ ᠴᠥᠯ ᠢ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ︾ ᠭᠡᠪᠡ᠃    ᠪᠥᠬᠦᠳᠡ ᠬᠤᠷᠠᠯ ᠠᠴᠠ᠂ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠵᠦ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠴᠢᠩᠭ᠎ᠠ ᠠᠳᠬᠤᠨ᠂ ᠡᠨᠧᠷᠭᠢ ᠨᠥᠭᠡᠴᠡᠯᠡᠵᠦ ᠬᠡᠮᠵᠢᠶ᠎ᠡ ᠪᠠᠨ ᠥᠷᠭᠡᠳᠭᠡᠵᠦ᠂ ᠲᠤᠬᠠᠶ ᠶᠢᠨ ᠭᠠᠵᠠᠷ ᠲᠤᠨᠢ ᠰᠢᠩᠭᠡᠭᠡᠨ᠂ ᠲᠣᠨᠣᠭᠯᠠᠯ ᠦᠢᠯᠡᠳᠴᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠭᠠᠵᠠᠷ ᠢ ᠴᠣᠭᠴᠠᠯᠠᠬᠤ ᠬᠡᠷᠡᠭᠲᠡᠶ ᠭᠡᠵᠤ ᠱᠠᠭᠠᠷᠳᠠᠪᠠ᠃ ᠠᠯᠠᠱᠠ ᠠᠶᠢᠮᠠᠭ ᠤᠨ ᠡᠨᠧᠷᠭᠢ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᡁᠢ ᠪᠢᠶᠤᠤ᠂ ᠬᠦᠴᠦ ᠪᠠᠨ ᠲᠥᠪᠯᠡᠷᠡᠭᠦᠯᠦᠨ ︽ᠭᠤᠪᠢ ᠴᠦᠯ︾ ᠤᠷᠤᠨ ᠤ ᠰᠢᠨ᠎ᠡ ᠡᠨᠧᠷᠭᠢ ᠶᠢᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠬᠡᠪᠴᠢᠶ᠎ᠡ ᠶᠢ ᠥᠷᠭᠡᠳᠭᠡᠨ᠂ ᠡᠨᠧᠷᠭᠢ ᠬᠢᠭᠡᠳ ᠠᠵᠤ ᠦᠢᠯᠡᠰ ᠤᠨ ᠠᠭᠤᠰᠤᠯᠴᠠᠯ ᠪᠠ ᠣᠷᠣᠨ ᠪᠦᠰᠡ ᠶᠢᠨ ᠡᠨᠧᠷᠭᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠡᠨᠧᠷᠭᠢ ᠶᠢ ᠥᠪᠡᠷ ᠢᠶᠠᠨ ᠬᠡᠷᠡᠭᠯᠡᠵᠦ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠲᠤᠬᠳᠠᠯᠴᠠᠭ᠎ᠠ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠲᠤᠬᠳᠠᠯᠴᠠᠭ᠎ᠠ ᠶᠢ ᠢᠳᠡᠪᠬᠢᠲᠡᠶ ᠴᠣᠭᠴᠠᠯᠠᠨ ᠪᠠᠶᠢᠭᠤᠯᠵᠤ᠂ ᠳ᠋ᠦᠩᠰᠢᠭᠤᠷ ᠺᠢᠯᠦᠸᠠᠲ ᠤᠨ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠨᠡᠭᠦᠷᠡᠰᠦᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠤᠨ᠂ ᠤᠯᠤᠰ ᠤᠨ ᠡᠨᠧᠷᠭᠢ ᠶᠢᠨ ᠪᠠᠶᠢᠯᠳᠤᠬᠤ ᠪᠤᠳᠤᠯᠭ᠎ᠠ ᠶᠢᠨ ᠠᠮᠤᠷ ᠲᠦᠪᠰᠢᠨ ᠢ ᠪᠠᠲᠤᠯᠠᠬᠤ ᠪᠠ ᠳᠡᠬᠦᠨ ᠳᠤ ᠦᠢᠯᠡᠴᠢᠯᠡᠬᠦ ᠳᠤ ᠠᠯᠠᠱᠠ ᠶᠢᠨ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ ᠭᠡᠪᠡ᠃    ︽ᠵᠢᠷᠭᠤᠭᠠᠨ ᠠᠵᠢᠯᠯᠠᠭ᠎ᠠ︾ ᠨᠢ ᠥᠪᠥᠷ ᠮᠣᠩᠭᠤᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠶᠢ ᠠᠳᠬᠤᠭᠰᠠᠨ ᠢᠶᠠᠷ ᠪᠠᠷᠠᠬᠤ ᠥᠬᠡᠶ᠂ ᠪᠠᠰᠠ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠬᠤ ᠬᠦᠴᠢᠷᠳᠡᠯ ᠪᠠ ᠲᠦᠭᠵᠢᠷᠡᠯ ᠢ ᠪᠣᠶ ᠪᠣᠯᠭᠠᠪᠠ᠃ ᠣᠯᠠᠨ ᠢᠶᠠᠷ ᠢᠶᠠᠨ᠂ ᠬᠠᠨᠳᠤᠯᠭᠠᠲᠤ ᠴᠢᠨᠠᠷᠲᠠᠶ ᠪᠠᠷ ᠣᠨᠣᠪᠴᠢᠳᠠᠢ ᠬᠦᠴᠦᠯᠡᠵᠦ᠂ ᠪᠥᠬᠦ ᠲᠠᠯ᠎ᠠ ᠪᠠᠷ ᠠᠬᠢᠭᠤᠯᠤᠨ᠂ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠢᠯᠡᠳᠭᠡᠵᠡᠭᠡᠪᠡ᠃    ᠵᠠᠮ ᠬᠠᠷᠢᠯᠴᠠᠭ᠎ᠠ ᠪᠣᠯ ᠠᠵᠤ ᠠᠬᠤᠢ ᠶᠢᠨ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠮᠥᠨ᠃ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠢ ᠬᠠᠶ᠄ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︿ᠵᠢᠷᠭᠤᠭᠠᠨ ᠠᠵᠢᠯᠯᠠᠭ᠎ᠠ﹀ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠠᠩ ᠣᠯᠠᠨ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠤᠯᠤᠰ ᠤᠨ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠣᠷᠣᠨ ᠪᠦᠰᠡ ᠪᠣᠯᠤᠨ ᠴᠡᠪᠡᠷ ᠠᠭᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠳᠤᠤᠷ᠎ᠠ ᠤᠭᠳᠠᠷᠭᠤᠢ ᠶᠢᠨ ᠠᠵᠤ ᠠᠬᠤᠶ ᠶᠢᠨ ᠨᠢᠭᠲᠠᠷᠠᠭᠰᠠᠨ ᠰᠢᠨ᠎ᠡ ᠶᠢ ᠡᠭᠦᠳᠬᠦ ᠪᠠ ᠳᠡᠭᠡᠳᠦ ᠬᠤᠷᠳᠤᠴᠠ ᠪᠠᠷ ᠨᠡᠮᠡᠭᠳᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠤᠤᠷ᠎ᠠ ᠤᠭᠳᠠᠷᠭᠤᠢ ᠶᠢᠨ ᠠᠵᠤ ᠠᠬᠤᠶ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠵᠢᠯ ᠲᠥᠷᠥᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠲᠣᠭᠤᠷᠢᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠ ᠵᠠᠰᠠᠨ ᠰᠡᠷᠭᠦᠭᠡᠬᠦ ᠴᠢᠨᠠᠷᠲᠠᠶ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠢᠳᠡᠪᠬᠢᠲᠡᠶ ᠠᠬᠢᠭᠤᠯᠵᠤ᠂ ᠤᠯᠤᠰ ᠮᠤᠵᠢ ᠶᠢᠨ ᠡ᠊ᠩ ᠤᠨ ᠭᠤᠤᠯ ᠵᠠᠮ ᠤᠨ ᠠᠰᠠᠭᠤᠳᠠᠯ ᠶᠡᠭᠡ᠂ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠳᠤᠤᠷ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠳᠡᠰᠢ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︿ᠵᠠᠮ ᠢᠶᠠᠷ ᠡᠯᠡᠰᠦ ᠶᠢ ᠵᠠᠰᠠᠬᠤ﹀ ᠶᠢ ᠠᠬᠢᠭᠤᠯᠵᠤ᠂ ᠰᠢᠨ᠎ᠡ ᠡᠨᠧᠷᠭᠢ ᠶᠢᠨ ᠡᠵᠡᠩᠨᠡᠯᠲᠡ ᠶᠢᠨ ᠪᠠᠷᠠᠭᠠᠨ ᠤ ᠲᠡᠷᠭᠡ ᠵᠡᠷᠭᠡ ᠶᠢ ᠡᠮᠬᠢ ᠵᠢᠷᠤᠮ ᠲᠠᠢ ᠳᠡᠯᠭᠡᠷᠡᠭᠦᠯᠦᠨ᠎ᠡ᠃ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ᠎ᠠ᠃ ᠡᠵᠡᠩᠨᠡᠯᠳᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠠᠵᠢᠯ ᠲᠥᠷᠥᠯ ᠤᠨ ᠠᠶᠤᠯᠬᠦᠶ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠬᠦᠭᠵᠢᠬᠦ ᠶᠢ ᠠᠬᠢᠭᠤᠯᠤᠨ᠎ᠠ︾ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号