ᠠᠯᠠᠱᠠ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/8
    1 ᠰᠠᠷ᠎ᠠ ᠶᠢᠨ 7 ᠤ ᠡᠳᠦᠷ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠡᠯ᠎ᠡ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
1.jpg
    ᠪᠠᠶ ᠬᠠᠶ ᠯᠢᠨ᠂ ᠠᠶᠤᠯᠭᠦᠶ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠣᠭᠤᠮᠲᠠ ᠶᠢ ᠤᠷᠤᠭᠰᠢ ᠰᠢᠯᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠦ᠂ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠣᠯᠬᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠵᠡᠷᠭᠡ ᠬᠦᠷᠢᠶᠡᠨ ᠤ ᠠᠵᠤ ᠠᠬᠤᠶᠢᠯᠠᠯ ᠤᠨ ᠠᠮᠤᠷ ᠲᠦᠪᠰᠢᠨ ᠢ ᠬᠢᠨᠠᠠ ᠬᠠᠮᠢᠶᠠᠷᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠲᠡᠷᠭᠡ ᠬᠥᠰᠬᠡ ᠶᠢ ᠠᠩᠬᠠᠷᠴᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠢᠶᠠᠷ ᠭᠤᠤᠯᠳᠠᠯᠭ᠎ᠠ ᠪᠣᠯᠭᠠᠨ᠂ ᠲᠣᠮᠣ ᠬᠡᠯᠪᠡᠷᠢ ᠶᠢᠨ ᠴᠢᠯᠦᠭᠡᠳᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠣᠷᠳᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠰᠦᠯᠵᠢᠶᠡᠨ ᠤ ᠪᠠᠭᠠᠷ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠵᠢᠴᠢ ︽ᠶᠢᠰᠦᠨ ᠵᠢᠵᠢᠭ ᠲᠠᠯᠠᠪᠤᠷ︾ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠸᠠᠷ ᠫᠤᠤᠵᠢᠩ ᠤᠨ ᠠᠮᠤᠷ ᠲᠦᠪᠰᠢᠨ ᠢ ᠬᠢᠨᠠᠠ ᠬᠠᠮᠢᠶᠠᠷᠬᠤ ᠶᠢ ᠴᠢᠩᠭᠠᠳᠬᠠᠨ᠂ ᠰᠠᠨᠠᠭᠠᠨ ᠳᠤ ᠥᠬᠡᠶ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠡᠷᠡᠭᠵᠢᠭᠦᠯᠬᠦ ᠶᠢ ᠨᠠᠷᠢᠨ ᠨᠢᠮᠪᠠᠢ ᠰᠠᠶᠢᠲᠤᠷ ᠠᠳᠬᠤᠵᠤ᠂ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠣᠨᠴᠠᠭᠠᠢ ᠴᠠᠭ ᠠᠭᠤᠷ ᠢ ᠠᠷᠭᠠᠴᠠᠭᠠᠬᠤ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
2.jpg
    ᠪᠠᠢ ᠬᠠᠢ ᠯᠢᠨ᠂ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠴᠦ ᠪᠠᠨ ᠬᠤᠪᠢᠶᠠᠷᠢᠯᠠᠨ ᠰᠠᠬᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠠᠵᠢᠯ ᠢ ᠦᠨᠡᠨᠬᠦ ᠨᠠᠷᠢᠯᠢᠭ ᠠᠳᠬᠤᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠵᠢᠯᠲᠠᠨ ᠢ ᠪᠣᠳᠠᠲᠠᠶᠢᠵᠢᠭᠤᠯᠵᠤ᠂ ᠰᠢᠶ᠋ᠳᠪᠦᠷᠢᠯᠡᠬᠦ ᠶᠢ ᠪᠣᠳᠠᠲᠠᠶᠢᠵᠢᠭᠤᠯᠵᠤ᠂ ᠪᠠᠲᠤᠯᠠᠭ᠎ᠠ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠤᠨ ᠡᠩᠨᠡᠭᠡ ᠶᠢ ᠲᠣᠬᠢᠷᠠᠭᠤᠯᠵᠤ ᠳᠡᠶᠢᠯᠬᠦ᠂ ᠡᠳ᠋ ᠪᠣᠳᠠᠰ ᠢ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ᠂ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠪᠠᠳᠣᠯᠠᠬᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ ᠪᠠᠷ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃    ᠮᠥᠩᠬᠡ᠂ ᠯᠢᠦ ᠳ᠋ᠧ᠂ ᠯᠢᠦ ᠴᠥᠩ ᠰᠢᠶᠤᠤ᠂ ᠯᠢᠦ ᠳ᠋ᠧ ᠼᠦᠢ᠂ ᠯᠢ ᠵᠢᠶᠦ᠋ᠨ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号