ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠱᠧᠨ ᠶᠠᠨ ᠹᠧᠩ ᠰᠠᠨ ᠢ ᠪᠦᠯᠦᠭᠯᠡᠯ ᠤᠨ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠶᠠᠩ ᠸᠧᠨ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2025/1/8
    ᠰᠢᠨ᠎ᠡ ᠵᠢᠯ ᠡᠬᠢᠯᠡᠮᠡᠭᠴᠡ᠂ ᠥᠪᠡᠷᠲᠡᠭᠡᠨ ᠵᠠᠰᠠᠬᠤ ᠣᠷᠣᠨ ᠨᠢᠭᠡᠳᠦᠭᠡᠷ ᠪᠦᠯᠦᠭ ᠬᠠᠮᠲᠤᠷᠠᠯᠴᠠᠭ᠎ᠠ ᠬᠢᠬᠦ ᠪᠠᠷ ᠢᠷᠡᠭᠰᠡᠨ ᠠᠵᠤ ᠠᠬᠤᠶᠢᠯᠠᠯᠲᠠᠳ ᠢ ᠤᠭᠲᠤᠨ ᠠᠪᠴᠢᠷᠠᠪᠠ᠃ 1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ ᠳᠠᠭᠠᠭᠠᠮᠠᠯ ᠱᠧᠨ ᠶᠠᠨ ᠹᠧᠩ᠂ ᠰᠠᠨ ᠢ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠶᠠᠩ ᠸᠧᠨ ᠪᠥᠸᠧ ᠲᠠᠢ ᠠᠭᠤᠯᠵᠠᠪᠠ᠃    ᠰᠦᠨ ᠱᠤᠤ ᠴᠧᠩ ᠱᠧᠨ ᠶᠠᠨ ᠹᠧᠩ᠂ ᠰᠢᠶᠠᠩ ᠸᠧᠨ ᠪᠥᠸᠧ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠬᠤᠶᠠᠷ ᠵᠢᠯ ᠳᠤ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠭ᠎ᠠ ᠨᠢ ᠭᠤᠣᠯᠳᠠᠭᠤ ᠪᠡᠯᠡ ᠣᠷᠣᠭᠤᠯᠤᠯᠲᠠ ᠢᠯᠠᠩᠭᠤᠶ᠎ᠠ ᠰᠢᠨ᠎ᠡ ᠡᠨᠧᠷᠭᠢ ᠶᠢᠨ ᠬᠦᠷᠢᠶᠡᠨ ᠤ ᠪᠡᠯᠡ ᠣᠷᠣᠭᠤᠯᠤᠯᠲᠠ ᠶᠢᠨ ᠬᠦᠴᠦᠲᠡᠢ ᠳᠠᠶᠢᠴᠢᠯᠠᠯᠲᠠ ᠠᠴᠠ ᠪᠣᠯᠤᠭᠰᠠᠨ ᠶᠤᠮ᠃ ᠡᠨᠡ ᠵᠢᠯ ᠪᠢᠳᠡ ︽ᠵᠢᠷᠭᠤᠭᠠᠨ ᠠᠵᠢᠯᠯᠠᠭ᠎ᠠ︾ ᠶᠢ ᠪᠠᠶᠢᠷᠢᠯᠠᠭᠤᠯᠤᠨ ᠬᠡᠷᠡᠭᠵᠢᠭᠦᠯᠪᠠ᠂ ᠨᠢᠭᠡᠳᠦᠭᠡᠷ ᠨᠢ ᠲᠠᠷᠤᠢ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠣᠨ᠎ᠠ᠃ ᠳᠤᠮᠳᠠᠳᠤ ᠤᠯᠤᠰ ᠤᠨ ᠴᠥᠮ᠎ᠡ ᠶᠢᠨ ᠪᠦᠯᠦᠭᠯᠡᠯ᠂ ᠰᠠᠨ ᠢ ᠪᠦᠯᠦᠭᠯᠡᠯ ᠥᠪᠥᠷ ᠮᠣᠩᠭᠤᠯ ᠳᠤ ᠴᠥᠭᠡᠨ ᠪᠤᠰᠤ ᠲᠥᠷᠥᠯ ᠵᠦᠢᠯ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠡᠨᠡ ᠤᠳᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠵᠥᠪᠳᠡᠯᠴᠡᠬᠦ ᠪᠠᠷ ᠢᠷᠡᠭᠰᠡᠨ ᠢ ᠪᠢᠳᠡ ᠮᠠᠰᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠠᠵᠤ ᠠᠬᠤᠶᠢᠯᠠᠯ ᠨᠦᠬᠡᠴᠡ ᠡᠨᠧᠷᠭᠢ᠂ ᠲᠣᠨᠣᠭᠯᠠᠯ ᠦᠢᠯᠡᠳᠬᠦ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠳᠤ ᠶᠢᠨ ᠪᠠᠶᠢᠭ᠎ᠠ ᠬᠠᠮᠲᠤᠷᠠᠯᠴᠠᠭᠠᠨ ᠤ ᠰᠠᠭᠤᠷᠢᠨ ᠳᠡᠭᠡᠷ᠎ᠡ ᠤᠤᠯ ᠤᠨ ᠲᠦᠷᠦᠯ ᠵᠦᠢᠯ ᠢᠶᠠᠨ ᠰᠠᠶᠢᠲᠤᠷ ᠡᠵᠡᠩᠨᠡᠵᠦ᠂ ᠰᠢᠨ᠎ᠡ ᠲᠦᠷᠦᠯ ᠵᠦᠢᠯ ᠢᠶᠠᠨ ᠰᠠᠶᠢᠲᠤᠷ ᠤᠬᠠᠭᠠᠯᠠᠨ ᠲᠦᠯᠦᠪᠯᠡᠬᠦ ᠶᠢ ᠬᠦᠰᠡᠵᠦ ᠪᠠᠶᠢᠨ᠎ᠠ᠃ ᠣᠳᠣᠬᠠᠨ ᠳᠤ ᠰᠢᠨ᠎ᠡ ᠡᠨᠧᠷᠭᠢ ᠶᠢᠨ ᠬᠥᠭᠵᠢᠯᠲᠡ ᠨᠢ ᠭᠤᠣᠯᠳᠠᠭᠤ ᠰᠢᠩᠭᠡᠭᠡᠬᠦ ᠴᠢᠳᠠᠪᠤᠷᠢ ᠬᠦᠷᠦᠯᠴᠡᠬᠦ ᠦᠭᠡᠢ ᠠᠴᠠ ᠪᠣᠯᠵᠤ ᠬᠢᠵᠠᠭᠠᠷᠯᠠᠭᠳᠠᠵᠤ ᠪᠠᠶᠢᠨ᠎ᠠ᠂ ᠤᠷᠤᠨ ᠨᠤᠳᠤᠭ ᠪᠤᠯᠤᠨ ᠠᠵᠦ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠠᠷᠭ᠎ᠠ ᠬᠡᠯᠪᠡᠷᠢ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠨᠠᠩ ᠥᠨᠳᠥᠷ ᠲᠦᠪᠰᠢᠨ ᠪᠦᠬᠦᠢ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠤᠶ᠎ᠠ᠃ ᠨᠢᠳᠤᠨᠤᠨ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ᠲᠠᠷᠠᠭᠠᠴᠢ ᠶᠢᠨ ᠠᠯᠬᠤᠮ ᠳᠤ ᠪᠠᠰᠠ ᠲᠤᠰᠬᠠᠢ ᠪᠠᠶᠢᠭᠤᠯᠤᠮᠵᠢ ᠪᠠᠶᠢᠭᠤᠯᠤᠨ ᠮᠠᠨ ᠤ ᠣᠷᠣᠨ ᠳᠤ ᠪᠡᠯᠡ ᠣᠷᠣᠭᠤᠯᠤᠨ ᠬᠥᠭᠵᠢᠭᠦᠯᠬᠦ ᠲᠥᠪ ᠤᠨ ᠠᠵᠤ ᠠᠬᠤᠶᠢᠯᠠᠯ ᠪᠣᠯᠣᠨ ᠣᠷᠣᠨ ᠤ ᠭᠠᠳᠠᠨᠠᠬᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠳᠤ ᠦᠢᠯᠡᠴᠢᠯᠡᠬᠦ ᠪᠣᠯᠣᠨ᠎ᠠ᠃ ᠡᠨᠡ ᠬᠤᠶᠠᠷ ᠲᠤᠰᠬᠠᠢ ᠪᠠᠶᠢᠭᠤᠯᠤᠮᠵᠢ ᠰᠠᠶᠢᠨ ︽ᠦᠢᠯᠡᠴᠢᠯᠡᠭᠴᠢ︾ ᠪᠣᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ︽ᠭᠦᠶᠦᠬᠦ︾ ᠪᠠ ︽ᠭᠦᠢᠴᠡᠳᠭᠡᠬᠦ︾ ᠳᠤ ᠰᠠᠨᠠᠭᠠᠴᠢᠯᠠᠭ᠎ᠠ ᠠᠴᠠ ᠪᠠᠨ ᠬᠠᠪᠰᠤᠷᠴᠤ᠂ ᠨᠠᠷᠢᠨ ᠨᠢᠮᠪᠠᠢ ᠪᠦᠷᠢᠨ ᠬᠦᠢᠴᠡᠳ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠳᠤ ᠠᠮᠠᠯᠠᠭᠰᠠᠨ ᠵᠦᠢᠯᠡᠰ ᠢ ᠬᠤᠯᠪᠣᠭᠳᠠᠯ ᠪᠦᠬᠦᠢ ᠲᠠᠯ᠎ᠠ ᠶᠢᠨ ᠬᠢᠨ ᠦᠨᠡᠨ ᠪᠣᠳᠠᠲᠠᠢ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃    ᠱᠧᠨ ᠶᠠᠨ ᠹᠧᠩ ᠪᠣᠯᠣᠨ ᠰᠢᠶᠠᠩ ᠸᠧᠨ ᠪᠥᠸᠧ ᠲᠣᠰ ᠲᠣᠰ ᠦᠪᠡᠷᠰᠡᠳ ᠤᠨ ᠠᠵᠤ ᠠᠬᠤᠶᠢᠯᠠᠯ ᠤᠨ ᠬᠥᠭᠵᠢᠯᠲᠡ ᠵᠢᠴᠢ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠪᠠᠶᠢᠳᠠᠯ ᠢᠶᠠᠨ ᠲᠠᠨᠢᠯᠴᠠᠭᠤᠯᠪᠠ᠃ ᠲᠡᠳᠡ᠂ ᠥᠪᠥᠷ ᠮᠣᠩᠭᠤᠯ ᠪᠣᠯ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠶᠡᠭᠡ ᠣᠷᠣᠨ ᠮᠥᠨ᠂ ᠬᠥᠭᠵᠢᠯᠲᠡ ᠶᠢᠨ ᠰᠢᠮᠡᠯᠢᠭ ᠬᠥᠷᠥᠰᠥ ᠮᠥᠨ᠂ ᠮᠦᠨ ᠴᠤ ᠰᠢᠨ᠎ᠡ ᠡᠨᠧᠷᠭᠢ ᠶᠢᠨ ᠬᠦᠷᠢᠶᠡᠨ ᠤ ᠪᠡᠯᠡ ᠣᠷᠣᠭᠤᠯᠤᠯᠲᠠ ᠶᠢᠨ ᠬᠤᠲᠣᠭᠤᠷ ᠭᠠᠵᠠᠷ ᠮᠥᠨ᠃ ᠣᠳᠣᠬᠠᠨ ᠳᠤ᠂ ᠤᠯᠤᠰ ᠠᠴᠠ ᠶᠠᠭ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠬᠡᠨ ᠪᠠᠶᠢᠭᠤᠯᠵᠤ ᠪᠠᠶᠢᠨ᠎ᠠ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠣᠨᠴᠠᠭᠠᠢ ᠰᠠᠶᠢᠨ ᠨᠦᠬᠦᠴᠡᠯ ᠲᠠᠢ ᠶᠤᠮ᠃ ᠬᠤᠶᠠᠷ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠨᠢ ᠥᠪᠥᠷ ᠮᠣᠩᠭᠤᠯ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠲᠠᠷᠠᠭᠠᠴᠢ ᠶᠢᠨ ᠠᠯᠬᠤᠮ ᠳᠤ ᠳᠤᠷᠠᠲᠠᠶ᠎ᠠ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ ᠤ ᠮᠡᠷᠭᠡᠵᠢᠯ᠂ ᠴᠢᠨᠠᠷ ᠰᠠᠶᠢᠲᠠᠢ ᠲᠥᠷᠥᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠵᠤ᠂ ᠢᠯᠠᠩᠭᠤᠶ᠎ᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠲᠠᠯ᠎ᠠ ᠪᠠᠷ ᠨᠠᠩ ᠣᠯᠠᠨ ᠬᠠᠮᠲᠤᠷᠠᠯᠴᠠᠭ᠎ᠠ ᠬᠢᠨ᠎ᠡ᠃ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠬᠤ ᠶᠢᠨ ᠬᠠᠮᠲᠤ᠂ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ ᠭᠡᠵᠦ ᠢᠯᠡᠳᠭᠡᠵᠡᠭᠡᠪᠡ᠃   ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号